ᠤᠯᠠᠭᠠᠨᠴᠠᠪ ᠬᠤᠲᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠲᠠᠯ᠎ᠠ ᠨᠤᠲᠤᠭ ᠤᠨ ᠠᠶᠠᠯᠠᠯ  ᠵᠢᠭᠤᠯᠴᠢᠳ ᠤᠨ ᠨᠠᠭᠠᠳᠤᠮ ᠤᠨ ᠬᠤᠷᠠᠯ ᠶᠠᠪᠤᠭᠳᠠᠭᠰᠠᠨ
ᠨᠡᠶᠢᠲᠡᠯᠡᠭᠰᠡᠨ ᠴᠠᠭ᠄
2024/8/1
      ᠤᠯᠠᠭᠠᠨᠴᠠᠪ ᠬᠤᠲᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠲᠠᠯ᠎ᠠ ᠨᠤᠲᠤᠭ ᠤᠨ ᠠᠶᠠᠯᠠᠯ  ᠵᠢᠭᠤᠯᠴᠢᠳ ᠤᠨ ᠨᠠᠭᠠᠳᠤᠮ ᠤᠨ ᠬᠤᠷᠠᠯ ᠶᠠᠪᠤᠭᠳᠠᠭᠰᠠᠨ             7 ᠰᠠᠷ᠎ᠠ ᠶᠢᠨ 29 ᠤ ᠡᠳᠦᠷ᠂ ᠤᠯᠠᠭᠠᠨᠴᠠᠪ ᠬᠤᠲᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ《ᠲᠠᠯ᠎ᠠ ᠨᠤᠲᠤᠭ ᠤᠨ ᠠᠶᠠᠯᠠᠯ》ᠵᠢᠭᠤᠯᠴᠢᠳ ᠤᠨ ᠨᠠᠭᠠᠳᠤᠮ ᠤᠨ ᠬᠤᠷᠠᠯ ᠭᠡᠭᠡᠨ ᠲᠠᠯ᠎ᠠ ᠳᠤ ᠶᠠᠪᠤᠭᠳᠠᠭᠰᠠᠨ ᠪᠠᠶᠢᠨ᠎ᠠ᠃       ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠦ ᠬᠠᠢ ᠴᠢᠤᠸᠠᠨ ᠨᠠᠶᠢᠷ ᠡᠬᠢᠯᠡᠭᠰᠡᠨ ᠢ ᠵᠠᠷᠯᠠᠵᠤ᠂ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠵᠢᠶᠠᠨ ᠵᠢᠶᠦ᠋ᠨ ᠡᠬᠢᠯᠡᠯᠲᠡ ᠶᠢᠨ ᠶᠠᠷᠢᠶ᠎ᠠ ᠲᠠᠯᠪᠢᠵᠤ᠂ ᠳᠥᠷᠪᠡᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠢᠦᠢ ᠳ᠋ᠠᠢ ᠴᠢᠩ ᠨᠠᠭᠠᠳᠤᠮ ᠤᠨ ᠭᠠᠯ ᠢ ᠠᠰᠠᠭᠠᠵᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠤᠨ ᠳᠡᠳ᠋ ᠳᠠᠷᠤᠭ᠎ᠠ ᠵᠠᠩ ᠸᠧᠨ ᠵᠢᠶᠦ᠋ᠨ᠂ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠳᠡᠳ᠋ ᠬᠡᠷᠡᠭ ᠡᠷᠬᠢᠯᠡᠭᠴᠢᠳ ᠤᠨ ᠳᠠᠷᠤᠭ᠎ᠠ ᠯᠢᠦ ᠮᠢᠨ᠂ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠠᠤ ᠮᠠᠨ ᠪᠢᠨ᠂ ᠤᠯᠠᠭᠠᠨᠴᠠᠪ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠱᠧᠨ ᠼᠠᠢ ᠵᠢᠶᠦ᠋ᠨ᠂ ᠤᠯᠠᠭᠠᠨᠴᠠᠪ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠦ ᠱᠧᠩ ᠴᠢ᠂ ᠳᠥᠷᠪᠡᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠰᠦᠯᠳᠡ ᠵᠡᠷᠭᠡ ᠤᠳᠤᠷᠢᠳᠤᠯᠭ᠎ᠠ ᠨᠠᠷ ᠣᠷᠣᠯᠴᠠᠵᠤ᠂ ᠤᠯᠠᠭᠠᠨᠴᠠᠪ ᠬᠤᠲᠠ ᠶᠢᠨ ᠳᠡᠳ᠋ ᠬᠤᠲᠠ ᠶᠢᠨ ᠳᠠᠷᠤᠭ᠎ᠠ ᠯᠢ ᠵᠢᠶᠠᠨ ᠸᠧᠨ ᠬᠤᠷᠠᠯ ᠢ ᠡᠷᠬᠢᠯᠡᠭᠦᠯᠦᠭᠰᠡᠨ ᠪᠠᠶᠢᠨ᠎ᠠ᠃        ᠳᠥᠷᠪᠡᠳ ᠬᠤᠰᠢᠭᠤ ᠨᠢ ᠡᠷᠲᠡᠨ ᠤ ᠳᠤᠮᠳᠠᠳᠤ ᠧᠦᠷᠣᠫᠠ ᠶᠢᠨ ᠠᠷᠠᠯᠵᠢᠶᠠᠨ ᠤ《ᠴᠠᠢ ᠶᠢᠨ ᠵᠠᠮ》 ᠤᠨ ᠵᠠᠪᠠᠯ ᠥᠩᠭᠡᠷᠡᠬᠦ ᠭᠠᠵᠠᠷ ᠪᠣᠯᠤᠭᠰᠠᠨ ᠤ ᠬᠤᠪᠢ ᠳᠤ᠂ ᠮᠥᠨ ᠴᠦ ᠤᠯᠤᠰ ᠤᠨ《ᠨᠢᠭᠡ ᠪᠦᠰᠡ ᠨᠢᠭᠡ ᠵᠠᠮ》 ᠤᠨ ᠬᠠᠭᠤᠷᠠᠢ ᠵᠠᠮ ᠤᠨ ᠴᠢᠬᠤᠯᠠ ᠵᠠᠩᠭᠢᠯᠠᠭ᠎ᠠ ᠴᠡᠭ ᠭᠠᠵᠠᠷ ᠪᠣᠯᠬᠤ ᠪᠦᠭᠡᠳ ᠴᠢᠨᠠᠷ ᠰᠠᠶᠢᠲᠠᠢ ᠮᠠᠯ ᠲᠠᠷᠢᠶᠠᠯᠠᠩ ᠤᠨ ᠪᠠᠶᠠᠯᠢᠭ᠂ ᠨᠥᠭᠡᠴᠡ ᠶᠡᠭᠡ ᠲᠠᠢ ᠠᠰᠢᠭᠲᠤ ᠠᠭᠤᠷᠬᠠᠢ ᠶᠢᠨ ᠪᠠᠶᠠᠯᠢᠭ ᠪᠣᠯᠤᠨ ᠴᠡᠪᠡᠷ  ᠪᠠᠶᠢᠭᠠᠯᠢ ᠶᠢᠨ ᠡᠨᠧᠷᠬᠢ ᠰᠤᠷᠪᠤᠯᠵᠢ ᠲᠠᠢ ᠨᠤᠲᠤᠭ ᠪᠣᠯᠤᠨ᠎ᠠ᠃ ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄ ᠬᠠᠮ ᠵᠠᠭᠤᠴᠢᠯᠠᠭᠤᠷ ᠶᠢᠨ ᠲᠥᠪ ᠤᠨ ᠪᠦᠬᠦ  ᠰᠤᠷᠪᠣᠯᠴᠢᠯᠠᠭᠴᠢᠣᠨᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2