ᠬᠤᠶᠠᠷ ᠮᠢᠩᠭ᠎ᠠ ᠬᠤᠷᠢᠨ ᠳᠦᠷᠪᠡ ᠤᠯᠠᠭᠠᠨᠴᠠᠪ ᠤᠨ ᠳᠥᠷᠪᠡᠳ ᠲᠠᠪᠤᠨ ᠴᠤᠯᠤ ᠶᠢᠨ ᠱᠥᠯᠥ ᠶᠢᠨ ᠶᠡᠭᠡ ᠬᠤᠷᠠᠯ ᠭᠡᠭᠡᠨ ᠲᠠᠯ᠎ᠠ ᠳᠤ ᠶᠠᠪᠤᠭᠳᠠᠭᠰᠠᠨ
ᠨᠡᠶᠢᠲᠡᠯᠡᠭᠰᠡᠨ ᠴᠠᠭ᠄
2024/8/1
      ᠬᠤᠶᠠᠷ ᠮᠢᠩᠭ᠎ᠠ ᠬᠤᠷᠢᠨ ᠳᠦᠷᠪᠡ ᠤᠯᠠᠭᠠᠨᠴᠠᠪ ᠤᠨ ᠳᠥᠷᠪᠡᠳ ᠲᠠᠪᠤᠨ ᠴᠤᠯᠤ ᠶᠢᠨ ᠱᠥᠯᠥ ᠶᠢᠨ ᠶᠡᠭᠡ ᠬᠤᠷᠠᠯ ᠭᠡᠭᠡᠨ ᠲᠠᠯ᠎ᠠ ᠳᠤ ᠶᠠᠪᠤᠭᠳᠠᠭᠰᠠᠨ                7 ᠰᠠᠷ᠎ᠠ ᠶᠢᠨ 29 ᠤ ᠡᠳᠦᠷ᠂ ᠣᠯᠠᠨ ᠤ ᠠᠩᠬᠠᠷᠤᠯ ᠢ ᠲᠠᠲᠠᠭᠰᠠᠨ 2024 ᠤᠯᠠᠭᠠᠨᠴᠠᠪ · ᠳᠥᠷᠪᠡᠳ ᠲᠠᠪᠤᠨ ᠴᠤᠯᠤ ᠶᠢᠨ ᠱᠥᠯᠥ ᠶᠢᠨ ᠶᠡᠭᠡ ᠬᠤᠷᠠᠯ ᠭᠡᠭᠡᠨ ᠲᠠᠯ᠎ᠠ ᠳᠤ ᠦᠪᠡᠳᠡᠭᠰᠢ ᠶᠡᠬᠡᠪᠡᠷ ᠶᠠᠪᠤᠭᠳᠠᠭᠰᠠᠨ ᠪᠠᠶᠢᠨ᠎ᠠ᠃       ᠳᠤᠮᠳᠠᠳᠤ ᠤᠯᠤᠰ ᠤᠨ ᠲᠣᠭᠤᠭᠠᠯᠠᠬᠤ ᠨᠡᠶᠢᠭᠡᠮᠯᠢᠭ ᠤᠨ ᠳᠠᠷᠤᠭ᠎ᠠ ᠶᠠᠩ ᠯᠢᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠳᠡᠳ᠋ ᠲᠢᠩᠬᠢᠮ ᠤᠨ ᠳᠠᠷᠤᠭ᠎ᠠ ᠬᠠᠢ ᠱᠠᠨ᠂ ᠤᠯᠠᠭᠠᠨᠴᠠᠪ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠱᠧᠨ ᠼᠠᠢ ᠵᠢᠶᠦ᠋ᠨ᠂ ᠤᠯᠠᠭᠠᠨᠴᠠᠪ ᠬᠤᠲᠠ ᠶᠢᠨ ᠳᠡᠳ᠋ ᠬᠤᠲᠠ ᠶᠢᠨ ᠳᠠᠷᠤᠭ᠎ᠠ ᠸᠠᠩ ᠵᠸᠡ ᠬᠠᠢ᠂ ᠤᠯᠠᠭᠠᠨᠴᠠᠪ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠦ ᠱᠧᠩ ᠴᠢ᠂ ᠳᠥᠷᠪᠡᠳ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠢᠦᠢ ᠳ᠋ᠠᠢ ᠴᠢᠩ᠂ ᠥᠪᠥᠷ ᠮᠣᠩᠭᠤᠯ ᠤᠨ ᠢᠳᠡᠭᠡᠨ ᠤᠮᠳᠠᠭᠠᠨ ᠪᠠ ᠬᠤᠭᠤᠯᠠᠨ ᠭᠡᠷ ᠤᠨ ᠠᠵᠢᠯ ᠲᠥᠷᠥᠯ ᠤᠨ ᠨᠡᠶᠢᠭᠡᠮᠯᠢᠭ ᠤᠨ ᠳᠠᠷᠤᠭ᠎ᠠ ᠯᠠᠩ ᠯᠢ ᠰᠢᠨ ᠵᠡᠷᠭᠡ ᠤᠳᠤᠷᠢᠳᠤᠯᠭ᠎ᠠ ᠡᠬᠢᠯᠡᠬᠦ ᠶᠣᠰᠣᠯᠠᠯ ᠳᠤ ᠣᠷᠣᠯᠴᠠᠵᠤ᠂ ᠳᠥᠷᠪᠡᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠰᠦᠯᠳᠡ ᠶᠠᠷᠢᠶ᠎ᠠ ᠲᠠᠯᠪᠢᠪᠠ᠃        ᠲᠤᠰ ᠤᠳᠠᠭ᠎ᠠ ᠶᠢᠨ ᠲᠠᠪᠤᠨ ᠴᠤᠯᠤ ᠶᠢᠨ ᠱᠥᠯᠥ ᠶᠢᠨ ᠶᠡᠭᠡ ᠬᠤᠷᠠᠯ ᠢ ᠠᠮᠵᠢᠯᠲᠠ ᠲᠠᠢ ᠡᠷᠬᠢᠯᠡᠭᠰᠡᠨ ᠨᠢ ᠳᠥᠷᠪᠡᠳ ᠬᠤᠰᠢᠭᠤᠨ ᠤ ᠲᠠᠪᠤᠨ ᠴᠤᠯᠤ ᠶᠢᠨ ᠱᠥᠯᠥ ᠶᠢᠨ ᠦᠪᠡᠷᠮᠢᠴᠡ ᠲᠠᠲᠠᠬᠤ ᠬᠦᠴᠦᠨ ᠪᠠ ᠰᠣᠶᠣᠯ ᠤᠨ ᠠᠭᠤᠯᠤᠭᠳᠠᠬᠤᠨ ᠢ ᠨᠡᠩ ᠣᠯᠠᠨ ᠬᠥᠮᠦᠰ ᠲᠤ ᠣᠶᠢᠯᠠᠭᠠᠭᠤᠯᠵᠤ᠂ ᠳᠥᠷᠪᠡᠳ ᠬᠤᠰᠢᠭᠤᠨ ᠤ ᠨᠡᠷᠡᠲᠦ ᠲᠡᠮᠳᠡᠭᠳᠦ ᠶᠢᠨ ᠠᠯᠳᠠᠷᠰᠢᠯ ᠢ ᠳᠡᠭᠡᠭᠰᠢᠯᠡᠭᠦᠯᠵᠦ᠂ ᠲᠤᠬᠠᠢ ᠶᠢᠨ ᠭᠠᠵᠠᠷ ᠤᠨ ᠠᠵᠤ ᠠᠬᠤᠢ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃        ᠡᠨᠡ ᠤᠳᠠᠭ᠎ᠠ ᠶᠢᠨ ᠶᠡᠭᠡ ᠬᠤᠷᠠᠯ ᠢᠶᠠᠷ᠂ ᠳᠥᠷᠪᠡᠳ ᠬᠤᠰᠢᠭᠤᠨ ᠤ ᠲᠠᠪᠤᠨ ᠴᠤᠯᠤ ᠶᠢᠨ ᠱᠥᠯᠥ ᠭᠡᠰᠡᠨ ᠥᠪᠡᠷᠮᠢᠴᠡ ᠠᠮᠲᠠᠲᠤ ᠬᠤᠭᠤᠯᠠ ᠨᠢ ᠥᠪᠥᠷ ᠮᠣᠩᠭᠤᠯ᠂ ᠲᠡᠷᠡᠴᠢᠯᠡᠨ ᠪᠦᠬᠦ ᠤᠯᠤᠰ ᠤᠨ ᠬᠡᠮᠵᠢᠶᠡᠨ ᠳᠤ ᠠᠯᠳᠠᠷ ᠳᠠᠭᠤᠷᠢᠰᠤᠭᠤᠯᠤᠭᠰᠠᠨ ᠪᠠᠶᠢᠨ᠎ᠠ᠃ ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄ ᠬᠠᠮ ᠵᠠᠭᠤᠴᠢᠯᠠᠭᠤᠷ ᠶᠢᠨ ᠲᠥᠪ ᠤᠨ ᠪᠦᠬᠦ  ᠰᠤᠷᠪᠣᠯᠴᠢᠯᠠᠭᠴᠢᠣᠨᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2