ᠵᠠᠩᠭᠠᠨ ᠰᠤᠮᠤ ᠶᠢᠨ ᠬᠢᠯᠢ  ᠤᠨ ᠮᠠᠯᠴᠢᠳ ᠥᠪᠡᠰᠦᠪᠡᠨ ᠲᠠᠷᠢᠭᠰᠠᠨ ᠢᠳᠡᠰᠢᠨ ᠨᠣᠭᠤᠭ᠎ᠠ ᠶᠢ ᠣᠯᠵᠤ ᠢᠳᠡᠯ᠎ᠡ
ᠨᠡᠶᠢᠲᠡᠯᠡᠭᠰᠡᠨ ᠴᠠᠭ᠄
2024/8/12
      ᠵᠠᠩᠭᠠᠨ ᠰᠤᠮᠤ ᠶᠢᠨ ᠬᠢᠯᠢ  ᠤᠨ ᠮᠠᠯᠴᠢᠳ ᠥᠪᠡᠰᠦᠪᠡᠨ ᠲᠠᠷᠢᠭᠰᠠᠨ ᠢᠳᠡᠰᠢᠨ ᠨᠣᠭᠤᠭ᠎ᠠ ᠶᠢ ᠣᠯᠵᠤ ᠢᠳᠡᠯ᠎ᠡ           ᠣᠯᠠᠨ ᠵᠢᠯ ᠤᠨ ᠲᠤᠷᠰᠢ᠂ ᠭᠠᠵᠠᠷ ᠰᠢᠷᠣᠢ ᠳᠡᠭᠡᠷ᠎ᠡ᠂ ᠲᠥᠮᠥᠰᠥ᠂ ᠦᠬᠡᠷ ᠬᠤᠨᠢᠨ ᠮᠢᠬ᠎ᠠ᠂ ᠳᠠᠪᠤᠰᠤᠯᠠᠭᠰᠠᠨ ᠨᠣᠭᠤᠭ᠎ᠠ ᠪᠣᠯ ᠬᠢᠯᠢ ᠶᠢᠨ ᠨᠢᠭᠡᠳᠦᠭᠡᠷ ᠹᠷᠣᠨᠲ ᠤᠨ ᠮᠠᠯᠴᠢᠨ ᠲᠦᠮᠡᠨ ᠤ ᠡᠳᠦᠷ ᠳᠣᠳᠣᠮ ᠤᠨ ᠠᠮᠢᠳᠤᠷᠠᠯ ᠤᠨ 《 ᠯᠤᠤ ᠰᠠᠨ ᠡᠯ 》 ᠨᠢ ᠲᠡᠳᠡᠨ ᠳᠤ ᠠᠪᠴᠤ ᠬᠡᠯᠡᠪᠡᠯ ᠰᠢᠨ᠎ᠡ ᠰᠣᠷᠭᠤᠭ ᠨᠣᠭᠤᠭ᠎ᠠ ᠣᠯᠵᠤ ᠢᠳᠡᠬᠦ ᠨᠢ ᠨᠢᠭᠡᠨ ᠬᠦᠴᠢᠷ ᠠᠰᠠᠭᠤᠳᠠᠯ ᠪᠣᠯᠵᠤ᠂ ᠡᠪᠦᠯ ᠪᠣᠯᠤᠭᠰᠠᠭᠠᠷ ᠮᠠᠯᠴᠢᠳ ᠠᠭᠤᠯᠠ ᠤᠰᠤ ᠶᠢ ᠳᠠᠪᠠᠨ ᠤᠰᠤ ᠭᠠᠲᠤᠯᠵᠤ ᠬᠤᠳᠠᠯᠳᠤᠨ ᠠᠪᠤᠭᠰᠠᠨ ᠨᠣᠭᠤᠭ᠎ᠠ ᠨᠢ ᠬᠠᠭᠠᠰ ᠵᠠᠮ ᠳᠤ ᠨᠢ ᠬᠥᠯᠳᠡᠵᠦ᠂ ᠦᠷᠭᠦᠯᠵᠢ ᠬᠥᠯᠳᠡᠭᠦᠦ ᠳᠣᠪᠣᠷᠬᠠᠭ ᠪᠣᠯᠵᠤ᠂ ᠰᠢᠨ᠎ᠡ ᠰᠣᠷᠭᠤᠭ ᠨᠣᠭᠤᠭ᠎ᠠ ᠢᠳᠡᠵᠦ ᠳᠡᠶᠢᠯᠬᠦ ᠦᠭᠡᠢ ᠨᠢ ᠮᠠᠯᠴᠢᠨ ᠲᠦᠮᠡᠨ ᠤ ᠠᠮᠢᠳᠤᠷᠠᠯ ᠤᠨ ᠬᠡᠪ ᠪᠠᠶᠢᠳᠠᠯ ᠪᠣᠯᠵᠤ ᠪᠠᠶᠢᠯ᠎ᠠ᠃
8.8.jpg
      ᠡᠨᠡᠬᠦ ᠬᠦᠴᠦᠷᠡ ᠠᠰᠠᠭᠤᠳᠠᠯ ᠢ ᠲᠦᠢᠯᠪᠤᠷᠢ ᠲᠠᠢ ᠰᠢᠢᠳᠪᠦᠷᠢᠯᠡᠵᠦ ᠥᠭᠬᠦ ᠶᠢᠨ ᠲᠤᠯᠠᠳᠠ᠂  ᠵᠠᠩᠭᠠᠨ ᠰᠤᠮᠤ ᠤᠯᠠᠭᠠᠨᠴᠠᠪ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠰ ᠤᠨ ᠬᠥᠭᠵᠢᠯᠲᠦ ᠶᠢᠨ ᠲᠥᠪ ᠲᠠᠢ ᠂ ᠬᠢᠯᠢ ᠶᠢᠨ ᠮᠠᠯᠴᠢᠳ ᠤᠨ ᠪᠣᠳᠠᠲᠠᠢ ᠬᠦᠴᠢᠷᠳᠡᠯ ᠢ ᠣᠶᠢᠯᠠᠭᠠᠭᠰᠠᠨ ᠤ ᠳᠠᠷᠠᠭ᠎ᠠ᠂ ᠤᠯᠠᠭᠠᠨᠴᠠᠪ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠰ ᠤᠨ ᠬᠥᠭᠵᠢᠯᠲᠡ ᠶᠢᠨ ᠲᠥᠪ ᠤᠨ ᠳᠡᠯᠭᠡᠷᠡᠭᠦᠯᠦᠨ ᠰᠤᠳᠤᠯᠤᠭᠴᠢ ᠭᠤᠸᠠᠨ ᠬᠤᠢ ᠮᠢᠩ ᠬᠢᠯᠢ ᠶᠢᠨ ᠣᠷᠣᠨ ᠤ ᠢᠳᠡᠰᠢᠨ ᠨᠣᠭᠤᠭ᠎ᠠ ᠲᠠᠷᠢᠬᠤ ᠮᠡᠷᠭᠡᠵᠢᠯ ᠢ ᠡᠬᠢᠯᠡᠨ ᠰᠤᠳᠤᠯᠵᠤ ᠡᠬᠢᠯᠡᠵᠡᠢ᠃ ᠬᠢᠯᠢ ᠬᠢᠵᠠᠭᠠᠷ ᠤᠨ ᠭᠠᠵᠠᠷ ᠨᠤᠲᠤᠭ ᠤᠨ ᠬᠥᠷᠥᠰᠥ ᠰᠢᠷᠣᠢ ᠨᠢ ᠪᠠᠷᠤᠭᠲᠠᠢ᠂ ᠠᠭᠤᠷ ᠠᠮᠢᠰᠬᠤᠯ ᠤᠨ ᠨᠥᠬᠦᠴᠡᠯ ᠨᠢ ᠵᠣᠬᠢᠰ ᠦᠭᠡᠢ᠂ ᠮᠠᠯᠵᠢᠬᠤ ᠣᠷᠣᠨ ᠳᠤ ᠢᠳᠡᠰᠢᠨ ᠨᠣᠭᠤᠭ᠎ᠠ ᠲᠠᠷᠢᠭᠰᠠᠨ ᠵᠢᠱᠢᠶ᠎ᠡ ᠦᠭᠡᠢ ᠪᠣᠯᠬᠤᠷ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠶᠠᠭᠤᠨ ᠤ ᠡᠮᠦᠨ᠎ᠡ ᠮᠠᠯᠴᠢᠨ ᠲᠦᠮᠡᠨ ᠢ ᠬᠠᠪᠰᠤᠷᠤᠨ ᠳᠤᠯᠠᠭᠠᠨ ᠬᠠᠳᠠᠭᠠᠯᠠᠬᠤ ᠬᠥᠯᠡᠮᠵᠢ ᠪᠠᠶᠢᠭᠤᠯᠵᠤ᠂ ᠬᠥᠷᠥᠰᠥ ᠰᠢᠷᠣᠢ ᠶᠢ ᠨᠢ ᠰᠣᠯᠢᠵᠤ᠂ ᠮᠠᠯᠴᠢᠨ ᠲᠦᠮᠡᠨ ᠳᠤ ᠢᠳᠡᠰᠢᠨ ᠨᠣᠭᠤᠭ᠎ᠠ ᠲᠠᠷᠢᠬᠤ ᠮᠡᠷᠭᠡᠵᠢᠯ ᠢ ᠵᠢᠭᠠᠵᠤ᠂ ᠬᠡᠳᠦᠨ ᠰᠠᠷ᠎ᠠ ᠬᠦᠷᠢᠶ᠎ᠡ ᠬᠡᠷᠡᠮ ᠪᠠᠷᠢᠵᠤ᠂ ᠨᠣᠭᠤᠭ᠎ᠠ ᠶᠢᠨ ᠭᠠᠵᠠᠷ᠂ ᠵᠠᠮ ᠳᠡᠪᠢᠰᠴᠦ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠪᠠ ᠬᠢᠯᠢ ᠬᠢᠵᠠᠭᠠᠷ ᠤᠨ ᠮᠠᠯᠴᠢᠳ ᠤᠨ ᠬᠤᠶᠠᠷ ᠭᠠᠷ ᠢᠶᠠᠷ ᠢᠶᠠᠨ ᠢᠳᠡᠰᠢᠨ ᠨᠣᠭᠤᠭ᠎ᠠ ᠶᠢᠨ ᠳᠤᠯᠠᠭᠠᠨ ᠫᠧᠩ ᠠᠩᠬ᠎ᠠ ᠠᠯᠬᠤᠮ ᠪᠦᠷᠢᠯᠳᠦᠪᠡ᠃ ᠡᠭᠦᠨ ᠤ ᠬᠠᠮᠲᠤ ᠣᠳᠣ ᠦᠶ᠎ᠡ ᠶᠢᠨ ᠲᠠᠷᠢᠶᠠᠯᠠᠩ ᠤᠨ ᠮᠡᠷᠭᠡᠵᠢᠯ ᠢ ᠬᠡᠷᠡᠭᠯᠡᠨ ᠲᠠᠯ᠎ᠠ ᠨᠤᠲᠤᠭ ᠤᠨ ᠨᠣᠭᠤᠭ᠎ᠠ ᠲᠠᠷᠢᠬᠤ ᠳᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠮᠠᠯᠴᠢᠳ ᠲᠤ ᠥᠪᠡᠷ ᠢᠶᠠᠨ ᠰᠢᠨ᠎ᠡ ᠰᠣᠷᠭᠤᠭ ᠨᠣᠭᠤᠭ᠎ᠠ ᠢᠳᠡᠭᠦᠯᠪᠡ᠃        《 ᠥᠪᠡᠷ ᠢᠶᠠᠨ ᠲᠠᠷᠢᠭᠰᠠᠨ ᠨᠣᠭᠤᠭ᠎ᠠ ᠪᠠᠨ ᠢᠳᠡᠬᠦ ᠨᠢ ᠥᠩᠭᠡᠷᠡᠭᠰᠡᠨ ᠳᠤ ᠪᠣᠳᠣᠬᠤ ᠵᠣᠷᠢᠭ ᠦᠭᠡᠢ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠢ ᠮᠡᠷᠭᠡᠵᠢᠯᠲᠡᠨ ᠤ ᠵᠢᠯᠣᠭᠤᠳᠤᠯᠭ᠎ᠠ ᠳᠣᠣᠷ᠎ᠠ᠂ ᠡᠨᠡ ᠵᠢᠯ ᠦᠨᠡᠬᠡᠷ ᠠᠮᠵᠢᠯᠲᠠ ᠣᠯᠵᠠᠢ᠂ ᠡᠨᠡ ᠬᠡᠰᠡᠭ ᠬᠤᠭᠤᠴᠠᠭᠠᠨ ᠤ ᠲᠤᠷᠰᠢᠨ ᠳᠠᠷᠢᠬᠤ ᠪᠠᠷ ᠳᠠᠮᠵᠢᠨ᠂ ᠪᠢᠳᠡ ᠨᠢᠭᠡᠨᠲᠡ ᠥᠪᠡᠷ ᠢᠶᠠᠨ ᠦᠢᠯᠡᠳᠪᠦᠷᠢᠯᠡᠭᠰᠡᠨ ᠥᠷᠭᠡᠰᠦᠲᠦ ᠬᠡᠮᠬᠡ᠂ ᠴᠢᠨᠵᠦᠦ᠂ ᠬᠠᠰᠢ᠂ ᠤᠰᠤᠨ ᠯᠤᠤᠪᠠᠩ ᠵᠡᠷᠭᠡ ᠠᠷᠪᠠᠨ ᠬᠡᠳᠦᠨ ᠵᠦᠢᠯ ᠤᠨ ᠰᠢᠨ᠎ᠡ ᠰᠣᠷᠭᠤᠭ ᠢᠳᠡᠰᠢᠨ ᠨᠣᠭᠤᠭ᠎ᠠ ᠶᠢ ᠪᠡᠶᠡᠯᠡᠭᠦᠯᠵᠦ᠂ ᠭᠡᠷ ᠳᠣᠲᠣᠷᠠᠬᠢ ᠨᠣᠭᠤᠭ᠎ᠠ ᠢᠳᠡᠬᠦ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠶᠢᠨ ᠬᠠᠮᠲᠤ᠂ ᠪᠠᠰᠠ ᠲᠠᠷᠢᠭᠰᠠᠨ ᠨᠣᠭᠤᠭ᠎ᠠ ᠪᠠᠨ ᠣᠶᠢᠷ᠎ᠠ ᠬᠠᠪᠢ ᠶᠢᠨ ᠮᠠᠯᠴᠢᠳ ᠲᠤ ᠬᠤᠪᠢᠶᠠᠨ ᠥᠭᠴᠦ᠂ ᠲᠡᠳᠡ ᠪᠦᠷ ᠨᠣᠭᠤᠭ᠎ᠠ ᠨᠢ ᠠᠮᠲᠠᠲᠠᠢ ᠭᠡᠵᠦ ᠬᠡᠯᠡᠵᠦ ᠪᠠᠶᠢᠨ᠎ᠠ᠃ ᠲᠠᠷᠢᠶᠠᠴᠢᠨ ᠮᠠᠯᠴᠢᠨ ᠰᠡᠴᠡᠨᠪᠢᠯᠢᠭ ᠢᠩᠭᠢᠵᠦ ᠬᠡᠯᠡᠵᠦ ᠪᠠᠶᠢᠨ᠎ᠠ᠃       ᠣᠳᠣ ᠨᠣᠭᠤᠭᠠᠨ ᠫᠧᠩ ᠳᠣᠲᠣᠷ᠎ᠠ ᠣᠷᠣᠭᠠᠳ ᠦᠵᠡᠪᠡᠯ᠂ ᠠᠮᠢᠵᠢᠷᠠᠯ ᠤᠨ ᠬᠦᠴᠦᠨ ᠪᠢᠯᠬᠠᠭᠰᠠᠨ ᠦᠵᠡᠮᠵᠢ ᠪᠠᠶᠢᠳᠠᠯ ᠢᠯᠡᠷᠡᠵᠦ᠂ ᠯᠠᠵᠤᠤ ᠨᠢ ᠬᠥᠮᠦᠰ ᠢ ᠪᠠᠭ᠋ᠠᠷᠬᠠᠨ᠂ ᠲᠥᠪᠡᠳ ᠬᠠᠰᠢ ᠶᠠᠰᠢ ᠪᠠᠷ ᠬᠤᠴᠢᠭᠳᠠᠭᠰᠠᠨ ᠪᠠᠶᠢᠯ᠎ᠠ ᠁ ᠫᠧᠩ ᠴᠠᠶᠢᠪᠠᠶᠢᠬᠤ ᠠᠴᠠ ᠬᠤᠯᠠ ᠬᠥᠪᠡᠭᠡ ᠬᠢᠵᠠᠭᠠᠷ ᠦᠭᠡᠢ ᠲᠠᠯ᠎ᠠ ᠨᠤᠲᠤᠭ ᠲᠠᠢ ᠢᠯᠡ ᠲᠣᠳᠣ ᠬᠠᠷᠢᠴᠠᠭᠤᠯᠤᠯ ᠪᠣᠯᠪᠠ᠃       ᠬᠢᠯᠢ ᠶᠢᠨ ᠮᠠᠯᠴᠢᠳ ᠢ ᠵᠢᠯ ᠤᠨ ᠳᠥᠷᠪᠡᠨ ᠤᠯᠠᠷᠢᠯ ᠳᠤ ᠰᠢᠨ᠎ᠡ ᠰᠣᠷᠭᠤᠭ ᠨᠣᠭᠤᠭ᠎ᠠ ᠢᠳᠡᠭᠦᠯᠬᠦ ᠶᠢᠨ ᠲᠥᠯᠥᠭᠡ᠂ ᠳᠠᠷᠠᠭ᠎ᠠ ᠠᠯᠬᠤᠮ ᠳᠤ ᠵᠢᠶᠠᠩ ᠠᠨ ᠰᠤᠮᠤ ᠨᠢ ᠳᠡᠭᠡᠳᠦ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠳᠡᠮᠵᠢᠯᠭᠡ ᠳᠣᠣᠷ᠎ᠠ᠂ ᠮᠠᠯᠴᠢᠳ ᠤᠨ ᠢᠳᠡᠰᠢᠨ ᠨᠣᠭᠤᠭᠠᠨ ᠤ ᠬᠥᠯᠡᠮᠵᠢ ᠵᠡᠷᠭᠡ ᠶᠢ ᠶᠡᠭᠡ ᠪᠠᠷ ᠳᠡᠯᠭᠡᠷᠡᠭᠦᠯᠵᠦ᠂  ᠭᠤᠷᠪᠠ ᠠᠴᠠ ᠲᠠᠪᠤᠨ ᠵᠢᠯ ᠤᠨ ᠬᠤᠭᠤᠴᠠᠭᠠᠨ ᠳᠤ 200 ᠡᠷᠦᠬᠡ ᠬᠦᠷᠬᠦ ᠥᠬᠡᠢ ᠬᠢᠯᠢ ᠶᠢᠨ ᠮᠠᠯᠴᠢᠳ ᠢ ᠴᠥᠮ ᠥᠪᠡᠷ ᠤᠨ ᠲᠠᠷᠢᠭᠰᠠᠨ ᠰᠢᠨ᠎ᠡ ᠨᠣᠭᠤᠭ᠎ᠠ ᠪᠠᠨ ᠢᠳᠡᠭᠦᠯᠵᠦ᠂ ᠠᠮᠢᠳᠤᠷᠠᠯ ᠤᠨ ᠬᠢᠷᠢ ᠲᠦᠪᠰᠢᠨ ᠢ ᠨᠢ ᠳᠡᠭᠡᠭᠰᠢᠯᠡᠭᠦᠯᠦᠨ᠎ᠡ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2