ᠳᠥᠷᠪᠡᠳ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠬᠤᠵᠢᠷᠲᠤ ᠰᠢᠶᠠᠩ ᠳᠤ ᠬᠦᠷᠴᠦ 《 ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠢ ᠠᠭᠤᠳᠠᠯᠤᠨ ᠠᠰᠢᠭᠯᠠᠵᠤ᠂ ᠤᠮᠠᠷᠠᠲᠤ ᠬᠢᠯᠢ ᠶᠢᠨ ᠰᠣᠶᠣᠯ ᠤᠨ ᠨᠡᠷᠡᠲᠦ ᠲᠡᠮᠳᠡᠭ ᠤᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠶ᠎ᠡ 》 ᠭᠡᠬᠦ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/8/12
      ᠳᠥᠷᠪᠡᠳ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠬᠤᠵᠢᠷᠲᠤ ᠰᠢᠶᠠᠩ ᠳᠤ ᠬᠦᠷᠴᠦ 《 ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠢ ᠠᠭᠤᠳᠠᠯᠤᠨ ᠠᠰᠢᠭᠯᠠᠵᠤ᠂ ᠤᠮᠠᠷᠠᠲᠤ ᠬᠢᠯᠢ ᠶᠢᠨ ᠰᠣᠶᠣᠯ ᠤᠨ ᠨᠡᠷᠡᠲᠦ ᠲᠡᠮᠳᠡᠭ ᠤᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠶ᠎ᠡ 》 ᠭᠡᠬᠦ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢ ᠥᠷᠨᠢᠭᠦᠯᠪᠡ           8 ᠰᠠᠷ᠎ᠠ ᠶᠢᠨ 2 ᠤ ᠡᠳᠦᠷ᠂ ᠳᠥᠷᠪᠡᠳ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠯᠢᠶᠠᠩ ᠵᠦᠩ ᠯᠢ ᠨᠠᠷ ᠬᠤᠵᠢᠷᠲᠤ ᠰᠢᠶᠠᠩ ᠳᠤ ᠭᠦᠨᠵᠡᠭᠡᠶᠢᠷᠡᠵᠦ᠂ 《 ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠢ ᠠᠭᠤᠳᠠᠯᠤᠨ ᠠᠰᠢᠭᠯᠠᠵᠤ᠂ ᠤᠮᠠᠷᠠᠲᠤ ᠬᠢᠯᠢ ᠶᠢᠨ ᠰᠣᠶᠣᠯ ᠤᠨ ᠨᠡᠷᠡᠲᠦ ᠲᠡᠮᠳᠡᠭ ᠤᠨ ᠪᠦᠲᠦᠭᠡᠨ ᠪᠠᠶᠢᠭᠤᠯᠤᠯᠲᠠ 》 ᠶᠢᠨ ᠪᠠᠶᠢᠴᠠᠭᠠᠨ ᠰᠤᠳᠤᠯᠤᠯᠲᠠ ᠶᠢᠨ ᠠᠵᠢᠯ ᠢ ᠳᠡᠮᠵᠢᠪᠡ᠃ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠤᠤᠯ ᠤᠨ ᠲᠡᠷᠢᠭᠦᠯᠡᠭᠴᠢ ᠂ ᠠᠬᠢᠭᠤᠯᠬᠤ ᠡᠪᠯᠡᠯ ᠤᠨ ᠳᠠᠷᠤᠭ᠎ᠠ ᠵᠠᠩ ᠵᠢᠶᠠᠨ ᠧ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠤᠯᠤᠰ ᠲᠥᠷᠥ ᠶᠢᠨ ᠵᠥᠪᠯᠡᠯᠭᠡᠨ ᠤ ᠰᠣᠶᠣᠯ ᠲᠡᠦᠬᠡ ᠶᠢᠨ ᠵᠥᠪᠯᠡᠯ᠂ ᠰᠠᠨᠠᠯ ᠳᠤᠷᠠᠳᠤᠯᠭ᠎ᠠ ᠶᠢᠨ ᠵᠥᠪᠯᠡᠯ ᠤᠨ ᠬᠠᠷᠢᠭᠤᠴᠠᠯᠭᠠᠲᠠᠨ ᠵᠢᠴᠢ ᠡᠪ ᠬᠠᠮᠲᠤ ᠨᠠᠮ ᠤᠨ ᠡᠲᠡᠭᠡᠳ᠂ ᠰᠣᠶᠣᠯ ᠤᠷᠠᠯᠢᠭ ᠤᠨ ᠡᠲᠡᠭᠡᠳ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃       ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠨᠤᠲᠤᠭ ᠲᠤ ᠭᠦᠨᠵᠡᠭᠡᠶᠢᠷᠡᠨ ᠭᠦᠨᠵᠡᠭᠡᠶᠢᠷᠡᠭᠰᠡᠨ 《 ᠬᠤᠵᠢᠷᠲᠤ 》 ᠬᠤᠪᠢᠰᠬᠠᠯᠲᠤ ᠦᠷᠡᠭᠳᠡᠭᠰᠡᠨ ᠪᠠᠭᠠᠲᠤᠷᠴᠤᠳ ᠤᠨ ᠨᠡᠶᠢᠲᠡ ᠶᠢᠨ ᠣᠩᠭᠤᠨ᠂ ᠬᠠᠷᠭᠠᠨᠠ ᠶᠢᠨ ᠬᠥᠳᠡᠯᠭᠡᠭᠡᠨ ᠤ ᠵᠥᠪᠯᠡᠯ ᠤᠨ ᠬᠠᠭᠤᠴᠢᠨ ᠪᠠᠭᠤᠷᠢ ᠵᠡᠷᠭᠡ ᠭᠠᠵᠠᠷ ᠲᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠢ ᠬᠡᠷᠬᠢᠨ ᠨᠡᠩ ᠰᠠᠶᠢᠲᠤᠷ ᠠᠭᠤᠳᠠᠯᠤᠨ ᠠᠰᠢᠭᠯᠠᠵᠤ᠂ ᠤᠮᠠᠷᠠᠲᠤ ᠬᠢᠯᠢ ᠶᠢᠨ ᠰᠣᠶᠣᠯ ᠤᠨ ᠨᠡᠷᠡᠲᠦ ᠲᠡᠮᠳᠡᠭ ᠤᠨ ᠪᠠᠶᠢᠭᠤᠯᠤᠯᠲᠠ ᠳᠤ ᠲᠤᠰᠠᠯᠠᠨ ᠠᠬᠢᠭᠤᠯᠬᠤ ᠲᠤᠬᠠᠢ ᠶᠠᠷᠢᠯᠴᠠᠬᠤ ᠬᠤᠷᠠᠯ ᠬᠢᠪᠡ᠃       ᠪᠠᠶᠢᠴᠠᠭᠠᠨ ᠰᠤᠳᠤᠯᠬᠤ ᠳᠤᠭᠤᠶᠢᠯᠠᠩ ᠵᠢᠭᠠᠵᠤ ᠭᠠᠷᠭᠠᠭᠰᠠᠨ ᠨᠢ᠂ ᠳᠥᠷᠪᠡᠳ ᠬᠤᠰᠢᠭᠤᠨ ᠤ ᠤᠯᠠᠭᠠᠨ ᠥᠩᠭᠡ ᠶᠢᠨ ᠰᠣᠶᠣᠯ ᠤᠨ ᠡᠬᠢ ᠪᠠᠶᠠᠯᠢᠭ ᠨᠢ ᠳᠥᠷᠪᠡᠳ ᠬᠤᠰᠢᠭᠤᠨ ᠤ ᠬᠤᠪᠢᠰᠬᠠᠯ ᠤᠨ ᠠᠭᠤᠤ ᠶᠡᠭᠡ ᠥᠩᠭᠡᠷᠡᠯᠲᠡ ᠪᠣᠯᠤᠨ ᠬᠥᠮᠦᠰ ᠤᠨ ᠰᠡᠳᠬᠢᠯ ᠢ ᠬᠥᠳᠡᠯᠭᠡᠮ᠎ᠡ ᠦᠢᠯᠡ ᠶᠠᠪᠤᠳᠠᠯ ᠢ ᠡᠭᠦᠷᠭᠡᠯᠡᠵᠦ ᠪᠠᠶᠢᠭ᠎ᠠ ᠪᠣᠯᠬᠤᠷ ᠳᠥᠷᠪᠡᠳ ᠬᠤᠰᠢᠭᠤᠨ ᠤ ᠤᠯᠠᠭᠠᠨ ᠥᠩᠭᠡ ᠶᠢᠨ ᠭᠧᠨ ᠤ ᠬᠥᠮᠥᠷᠭᠡ ᠪᠣᠯᠤᠨ ᠡᠷᠬᠢᠮ ᠨᠠᠨᠳᠢᠨ ᠡᠳ᠋ ᠬᠥᠷᠥᠩᠭᠡ ᠪᠣᠯᠬᠤ ᠲᠤᠯᠠ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠠᠰᠢᠭᠯᠠᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠬᠤᠪᠢᠰᠬᠠᠯ ᠤᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠬᠠᠷᠢᠭᠤᠴᠠᠯᠭᠠᠲᠤ ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠶᠢ ᠪᠠᠲᠤ ᠪᠠᠬᠢ ᠪᠣᠢ ᠪᠣᠯᠭᠠᠵᠤ᠂ ᠰᠢᠨ᠎ᠡ ᠴᠠᠭ ᠦᠶ᠎ᠡ ᠶᠢᠨ ᠤᠮᠠᠷᠠᠲᠤ ᠬᠢᠯᠢ ᠶᠢᠨ ᠰᠣᠶᠣᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠬᠦᠴᠦᠨ ᠨᠡᠮᠡᠷᠢᠯᠡᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ ᠪᠠ ᠭᠦᠨᠵᠡᠭᠡᠢ ᠣᠶᠢᠯᠠᠭᠠᠬᠤ ᠬᠡᠷᠡᠭᠲᠡᠢ᠃ᠳᠠᠷᠠᠭᠠᠴᠢ ᠶᠢᠨ ᠠᠯᠬᠤᠮ ᠳᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠪᠦᠬᠦ ᠬᠤᠰᠢᠭᠤᠨ ᠤ ᠬᠤᠪᠢᠰᠬᠠᠯ ᠤᠨ ᠰᠣᠶᠣᠯ ᠤᠨ ᠪᠠᠶᠢᠳᠠᠯ ᠢ ᠦᠷᠭᠦᠯᠵᠢᠯᠡᠨ ᠠᠩᠬᠠᠷᠴᠤ᠂ ᠭᠡᠰᠢᠭᠦᠳ ᠤᠨ ᠡᠲᠡᠭᠡᠳ ᠤᠨ ᠢᠯᠭᠠᠯ ᠤᠨ ᠳᠠᠪᠠᠭᠤᠯᠢᠭ ᠪᠠ ᠣᠨᠴᠠᠯᠢᠭ ᠢ ᠪᠠᠳᠠᠷᠠᠭᠤᠯᠤᠨ᠂ ᠭᠠᠷᠳᠠᠨ ᠬᠢᠬᠦ‍ ᠴᠢᠭ ᠢᠶᠠᠨ ᠣᠨᠣᠪᠴᠢᠲᠠᠢ ᠰᠣᠩᠭᠤᠵᠤ᠂ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠢ ᠠᠭᠤᠳᠠᠯᠤᠨ ᠠᠰᠢᠭᠯᠠᠬᠤ ᠲᠣᠭᠤᠷᠢᠨ ᠳᠤ᠂ ᠤᠮᠠᠷᠠᠲᠤ ᠬᠢᠯᠢ ᠶᠢᠨ ᠰᠣᠶᠣᠯ ᠤᠨ ᠨᠡᠷᠡᠲᠦ ᠲᠡᠮᠳᠡᠭ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠠᠷᠭ᠎ᠠ ᠪᠣᠳᠣᠯᠭ᠎ᠠ ᠡᠷᠭᠦᠵᠦ᠂ ᠳᠥᠷᠪᠡᠳ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠤᠯᠤᠰ ᠲᠥᠷᠥ ᠶᠢᠨ ᠵᠥᠪᠯᠡᠯᠭᠡᠨ ᠤ ᠬᠦᠴᠦᠨ ᠢᠶᠠᠨ ᠡᠷᠭᠦᠬᠦ ᠪᠣᠯᠤᠨ᠎ᠠ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2