ᠮᠠᠨ ᠤ ᠬᠤᠰᠢᠭᠤ ᠬᠤᠶᠠᠷ  ᠮᠢᠩᠭ᠎ᠠ  ᠬᠤᠷᠢᠨ  ᠳᠦᠷᠪᠡᠨ ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠺᠠᠳ᠋ᠷ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠬᠢᠯᠡᠭᠰᠡᠨ
ᠨᠡᠶᠢᠲᠡᠯᠡᠭᠰᠡᠨ ᠴᠠᠭ᠄
2024/8/12
      ᠮᠠᠨ ᠤ ᠬᠤᠰᠢᠭᠤ ᠬᠤᠶᠠᠷ  ᠮᠢᠩᠭ᠎ᠠ  ᠬᠤᠷᠢᠨ  ᠳᠦᠷᠪᠡᠨ ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠺᠠᠳ᠋ᠷ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠬᠢᠯᠡᠭᠰᠡᠨ              ᠣᠶᠢᠷ᠎ᠠ ᠳᠤ᠂ ᠮᠠᠨ ᠤ ᠬᠤᠰᠢᠭᠤ 2024 ᠣᠨ ᠤ ᠪᠦᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠺᠠᠳ᠋ᠷ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠬᠢᠯᠡᠭᠰᠡᠨ ᠪᠠᠶᠢᠨ᠎ᠠ᠃       ᠲᠤᠰ ᠤᠳᠠᠭ᠎ᠠ ᠶᠢᠨ ᠪᠣᠯᠪᠠᠰᠤᠷᠠᠯ ᠭᠤᠷᠪᠠᠨ ᠡᠳᠦᠷ ᠳᠤᠲᠤᠮ ᠶᠠᠪᠤᠭᠳᠠᠵᠤ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠠᠴᠠ᠂ ᠬᠢᠨᠠᠨ ᠰᠢᠯᠭᠠᠵᠤ ᠦᠨᠡᠯᠡᠯᠲᠡ ᠬᠢᠬᠦ ᠳᠤ ᠠᠩᠬᠠᠷᠬᠤ ᠵᠦᠢᠯᠡᠰ ᠬᠢᠭᠡᠳ ᠠᠰᠠᠭᠤᠳᠠᠯ ᠢ ᠴᠡᠭᠴᠡᠯᠡᠨ ᠥᠭᠡᠷᠡᠴᠢᠯᠡᠬᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠲᠥᠷᠥ ᠶᠢᠨ ᠪᠣᠳᠣᠯᠭ᠎ᠠ᠂ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠤᠩᠰᠢᠨ ᠲᠠᠶᠢᠯᠪᠤᠷᠢᠯᠠᠬᠤ᠂ ᠣᠷᠣᠰᠢᠨ ᠠᠮᠢᠳᠤᠷᠠᠬᠤ ᠳᠤ  ᠳᠤᠬᠢᠲᠠᠢ ᠠᠵᠢᠯ ᠡᠷᠬᠢᠯᠡᠬᠦ ᠪᠠ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠵᠡᠷᠭᠡ ᠣᠯᠠᠨ ᠲᠠᠯ᠎ᠠ ᠪᠠᠷ ᠲᠤᠰᠬᠠᠢ ᠰᠡᠳᠦᠪ ᠢᠶᠠᠷ  ᠬᠢᠴᠢᠶᠡᠯᠯᠡᠨ᠎ᠡ᠃       ᠪᠣᠯᠪᠠᠰᠣᠷᠠᠭᠤᠯᠤᠯ ᠤᠨ ᠵᠣᠷᠢᠯᠭ᠎ᠠ ᠪᠣᠯ ᠡᠯ᠎ᠡ ᠱᠠᠲᠤᠨ ᠤ ᠬᠠᠪᠰᠤᠷᠤᠨ ᠲᠡᠳᠬᠦᠬᠦ ᠬᠦᠴᠦᠨ ᠢ ᠤᠯᠠᠮ ᠨᠢᠭᠡ ᠠᠯᠬᠤᠮ ᠨᠢᠭᠲᠠᠷᠠᠭᠤᠯᠵᠤ᠂ ᠬᠠᠪᠰᠤᠷᠤᠨ ᠲᠡᠳᠬᠦᠬᠦ ᠬᠠᠷᠢᠭᠤᠴᠠᠯᠭ᠎ᠠ ᠶᠢ ᠪᠣᠳᠠᠲᠠᠢ ᠪᠣᠳᠠᠲᠠᠶᠢᠵᠢᠭᠤᠯᠵᠤ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠺᠠᠳ᠋ᠷ ᠤᠨ ᠠᠵᠢᠯ ᠤᠨ ᠰᠤᠷᠲᠠᠯ ᠢ ᠴᠢᠩᠭᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠺᠠᠳ᠋ᠷ ᠤᠨ ᠴᠢᠳᠠᠪᠤᠷᠢ ᠪᠣᠯᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠠᠪᠤᠳᠠᠯ ᠪᠣᠯᠤᠨ᠎ᠠ᠃       ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠮᠡᠷᠭᠡᠵᠢᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠡᠰᠡᠭ ᠰᠤᠮᠤ ᠰᠢᠶᠠᠩ ᠪᠠᠯᠭᠠᠰᠤᠨ ᠤ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ᠂ ᠲᠣᠰᠬᠤᠨ ᠳᠤ ᠰᠠᠭᠤᠭ᠎ᠠ ᠺᠠᠳ᠋ᠷ᠂ ᠭᠠᠴᠠᠭ᠎ᠠ ᠲᠣᠰᠬᠤᠨ ᠤ ᠨᠠᠮ ᠤᠨ ᠡᠭᠦᠷ ᠤᠨ ᠱᠦᠵᠢ ᠪᠣᠯᠪᠠᠰᠤᠷᠠᠯ ᠳᠤ ᠣᠷᠣᠯᠴᠠᠪᠠ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄   ᠭᠡᠭᠡᠨᠲᠠᠨ᠎ᠠ   ᠬᠦᠰᠡᠯᠡᠩ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2