ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠨᠠᠢᠮᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2024/8/12
      ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠨᠠᠢᠮᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠰᠠᠨ                ᠣᠶᠢᠷ᠎ᠠ ᠳᠤ᠂ ᠠᠷᠪᠠᠨ ᠳᠥᠷᠪᠡᠳᠦᠭᠡᠷ ᠬᠤᠭᠤᠴᠠᠭᠠᠨ ᠤ ᠳᠥᠷᠪᠡᠳ ᠬᠤᠰᠢᠭᠤᠨ ᠤ ᠨᠠᠮ ᠤᠨ ᠬᠤᠷᠢᠶᠠᠨ ᠤ ᠨᠠᠢᠮᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠢᠵᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠬᠤᠰᠢᠭᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠹᠠᠨ ᠶᠠᠨ ᠪᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠸᠧᠢ ᠵᠢᠶᠠᠨ ᠮᠢᠨ ᠬᠤᠷᠠᠯ ᠡᠷᠬᠢᠯᠡᠭᠰᠡᠨ ᠪᠠᠶᠢᠨ᠎ᠠ᠃       ᠬᠤᠷᠠᠯ ᠠᠴᠠ᠂《ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠᠨ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ》 ᠶᠢ ᠤᠯᠠᠮᠵᠢᠯᠠᠵᠤ ; ᠲᠤᠰ ᠡᠭᠡᠯᠵᠢ ᠶᠢᠨ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠭᠰᠠᠨ ᠪᠠ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠣᠭᠲᠠᠭᠠᠯ ᠢ ᠤᠩᠰᠢᠨ ᠨᠡᠶᠢᠲᠡᠯᠡᠵᠦ᠂ ᠠᠷᠪᠠᠨ ᠳᠥᠷᠪᠡᠳᠦᠭᠡᠷ ᠬᠤᠭᠤᠴᠠᠭᠠᠨ ᠤ ᠳᠥᠷᠪᠡᠳ ᠬᠤᠰᠢᠭᠤᠨ ᠤ ᠨᠠᠮ ᠤᠨ ᠬᠤᠷᠢᠶ᠎ᠠ ᠶᠢᠨ ᠨᠠᠢᠮᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠡᠭᠦᠷᠭᠡ ᠶᠢ ᠳᠠᠶᠢᠴᠢᠯᠠᠨ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠤᠰᠤᠳ ᠪᠦᠷᠢᠯᠳᠦᠬᠦᠨ᠂ ᠲᠣᠭᠤᠷᠢᠨ ᠪᠠᠶᠢᠴᠠᠭᠠᠭᠳᠠᠬᠤ ᠨᠢᠭᠡᠴᠡ ᠶᠢᠨ ᠭᠤᠣᠯ ᠬᠠᠷᠢᠭᠤᠴᠠᠯᠭᠠᠲᠠᠨ ᠂ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ ᠪᠦᠬᠦᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠠᠰᠤᠭ ᠤᠨ ᠬᠠᠷᠢᠭᠤᠴᠠᠯᠭᠠᠲᠠᠨ ᠪᠠ ᠰᠤᠮᠤ ᠰᠢᠶᠠᠩ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠲᠣᠭᠤᠷᠢᠨ ᠪᠠᠶᠢᠴᠠᠭᠠᠬᠤ ᠠᠵᠢᠯ ᠤᠨ ᠬᠠᠮᠵᠢᠯᠴᠠᠬᠤ ᠲᠣᠭᠲᠠᠴᠠ ᠶᠢᠨ ᠡᠯ᠎ᠡ ᠪᠦᠷᠢᠯᠳᠦᠬᠦᠨ ᠨᠢᠭᠡᠴᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠤᠰᠢᠭᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠯᠪᠠᠨ ᠭᠡᠷ ᠤᠨ ᠪᠦᠬᠦ ᠠᠵᠢᠯᠲᠠᠨ ᠵᠢᠴᠢ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠵᠠᠢ᠃ ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄    ᠰᠤᠷᠤᠨ᠎ᠠ   ᠰᠦᠩ ᠰᠢᠶᠣᠣ ᠢᠦᠢᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2