ᠬᠤᠶᠠᠷ ᠮᠢᠩᠭ᠎ᠠ ᠬᠤᠷᠢᠨ ᠳᠦᠷᠪᠡᠨ ᠣᠨ ᠤ ᠥᠪᠡᠷᠲᠡᠭᠡᠨ ᠵᠠᠰᠠᠬᠤ ᠣᠷᠣᠨ ᠤ ᠴᠢᠬᠢ ᠰᠢᠨᠵᠢᠵᠦ ᠦᠷ᠎ᠡ ᠰᠣᠩᠭᠤᠬᠤ ᠲᠠᠪᠴᠠᠩ ᠤᠨ ᠠᠬᠤᠢ ᠲᠠᠯᠠᠪᠠᠢ ᠳᠤ ᠲᠣᠭᠤᠷᠢᠨ ᠦᠵᠡᠬᠦ ᠵᠢᠴᠢ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢᠨ ᠶᠠᠷᠢᠶᠠᠨ ᠤ ᠲᠠᠪᠴᠠᠩ ᠮᠠᠨ ᠤ ᠬᠤᠰᠢᠭᠤᠨ ᠳᠤ  ᠶᠠᠪᠤᠭᠳᠠᠭᠰᠠᠨ
ᠨᠡᠶᠢᠲᠡᠯᠡᠭᠰᠡᠨ ᠴᠠᠭ᠄
2024/8/12
      ᠬᠤᠶᠠᠷ ᠮᠢᠩᠭ᠎ᠠ ᠬᠤᠷᠢᠨ ᠳᠦᠷᠪᠡᠨ ᠣᠨ ᠤ ᠥᠪᠡᠷᠲᠡᠭᠡᠨ ᠵᠠᠰᠠᠬᠤ ᠣᠷᠣᠨ ᠤ ᠴᠢᠬᠢ ᠰᠢᠨᠵᠢᠵᠦ ᠦᠷ᠎ᠡ ᠰᠣᠩᠭᠤᠬᠤ ᠲᠠᠪᠴᠠᠩ ᠤᠨ ᠠᠬᠤᠢ ᠲᠠᠯᠠᠪᠠᠢ ᠳᠤ ᠲᠣᠭᠤᠷᠢᠨ ᠦᠵᠡᠬᠦ ᠵᠢᠴᠢ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢᠨ ᠶᠠᠷᠢᠶᠠᠨ ᠤ ᠲᠠᠪᠴᠠᠩ ᠮᠠᠨ ᠤ ᠬᠤᠰᠢᠭᠤᠨ ᠳᠤ  ᠶᠠᠪᠤᠭᠳᠠᠭᠰᠠᠨ        ᠣᠶᠢᠷ᠎ᠠ ᠶᠢᠨ ᠡᠳᠦᠷ᠂ 2024 ᠣᠨ ᠤ ᠥᠪᠡᠷᠲᠡᠭᠡᠨ ᠵᠠᠰᠠᠬᠤ ᠣᠷᠣᠨ ᠤ《ᠴᠢᠬᠢ ᠰᠢᠨᠵᠢᠵᠦ ᠦᠷ᠎ᠡ ᠰᠣᠩᠭᠤᠬᠤ》ᠲᠠᠪᠴᠠᠩ ᠤᠨ ᠠᠬᠤᠢ ᠲᠠᠯᠠᠪᠠᠢ ᠳᠤ ᠲᠣᠭᠤᠷᠢᠨ ᠦᠵᠡᠬᠦ ᠵᠢᠴᠢ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢᠨ ᠶᠠᠷᠢᠶᠠᠨ ᠤ ᠲᠠᠪᠴᠠᠩ ᠮᠠᠨ ᠤ ᠬᠤᠰᠢᠭᠤᠨ ᠳᠤ ᠠᠮᠵᠢᠯᠲᠠᠲᠠᠢ ᠶᠠᠪᠤᠭᠳᠠᠪᠠ᠃      ᠲᠤᠰ ᠤᠳᠠᠭᠠᠨ ᠤ ᠠᠵᠢᠯᠯᠠᠭ᠎ᠠ ᠳᠤ ᠮᠠᠰᠢ ᠣᠯᠠᠨ ᠲᠠᠷᠢᠶᠠᠯᠠᠩ ᠤᠨ ᠲᠤᠰᠬᠠᠢ ᠮᠡᠷᠭᠡᠵᠢᠯᠲᠡᠨ᠂ ᠡᠷᠳᠡᠮᠲᠡᠨ᠂ ᠠᠵᠤ ᠠᠬᠤᠶᠢᠯᠠᠯ ᠤᠨ ᠲᠥᠯᠥᠭᠡᠯᠡᠭᠴᠢ ᠵᠢᠴᠢ ᠲᠠᠷᠢᠶᠠᠴᠢᠨ ᠡᠷᠦᠬᠡ ᠣᠷᠣᠯᠴᠠᠵᠤ᠂ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢᠨ ᠢᠷᠡᠭᠡᠳᠦᠢ ᠪᠠ ᠰᠢᠨ᠎ᠡ ᠶᠢ ᠡᠭᠦᠳᠬᠦ ᠴᠢᠭᠯᠡᠯ ᠢ ᠬᠠᠮᠲᠤᠪᠠᠷ ᠬᠠᠶᠢᠨ ᠰᠦᠪᠡᠭᠴᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠲᠠᠷᠢᠶᠠᠯᠠᠩ ᠤᠨ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠦ ᠵᠦᠩ ᠶᠠᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠦ ᠰᠢᠨ ᠢᠦᠢ ᠠᠵᠢᠯᠯᠠᠭ᠎ᠠ ᠳᠤ ᠤᠷᠤᠯᠴᠠᠭᠰᠠᠨ ᠪᠠᠶᠢᠨ᠎ᠠ᠃       ᠲᠤᠰ ᠤᠳᠠᠭᠠᠨ ᠤ ᠠᠵᠢᠯᠯᠠᠭ᠎ᠠ ᠨᠢ ᠲᠤᠬᠠᠢ ᠶᠢᠨ ᠲᠠᠯᠠᠪᠠᠢ ᠶᠢᠨ ᠦᠵᠡᠭᠦᠯᠦᠯᠭᠡ ᠪᠠ ᠰᠣᠯᠢᠯᠴᠠᠭ᠎ᠠ ᠬᠢᠬᠦ ᠪᠠᠷ ᠳᠠᠮᠵᠢᠨ᠂ ᠰᠢᠯᠢᠳᠡᠭ ᠡᠭᠦᠯᠳᠡᠷ ᠢ ᠳᠡᠯᠭᠡᠷᠡᠭᠦᠯᠦᠨ ᠬᠡᠷᠡᠭᠯᠡᠬᠦ ᠶᠢ ᠠᠬᠢᠭᠤᠯᠤᠭᠰᠠᠨ ᠢᠶᠠᠷ ᠪᠠᠷᠠᠬᠤ ᠦᠭᠡᠢ ᠪᠠᠰᠠ ᠲᠠᠷᠢᠮᠠᠯ ᠤᠨ ᠡᠷᠦᠬᠡ ᠳᠤ ᠬᠠᠮᠤᠭ ᠰᠢᠨ᠎ᠡ ᠮᠡᠷᠭᠡᠵᠢᠯ ᠤᠨ ᠵᠢᠯᠣᠭᠤᠳᠤᠯᠭ᠎ᠠ ᠪᠠ ᠵᠠᠬ᠎ᠠ ᠳᠡᠯᠭᠡᠭᠦᠷ ᠤᠨ ᠮᠡᠳᠡᠭᠡ ᠵᠠᠩᠭᠢ ᠬᠠᠩᠭᠠᠵᠤ᠂ ᠲᠥᠮᠥᠰᠥ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨᠴᠢᠯᠠᠯᠲᠠ᠂ ᠬᠡᠪᠴᠢᠶᠡᠵᠢᠯᠲᠡ᠂ ᠨᠡᠷᠡᠲᠦ ᠲᠡᠮᠳᠡᠭᠵᠢᠭᠦᠯᠦᠯᠲᠡ ᠶᠢᠨ ᠴᠢᠭᠯᠡᠯ ᠢᠶᠠᠷ ᠤᠷᠤᠭᠰᠢᠯᠠᠬᠤ ᠶᠢ ᠲᠦᠯᠬᠢᠨ ᠠᠬᠢᠭᠤᠯᠵᠤ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠬᠦ ᠪᠣᠯᠤᠨ᠎ᠠ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄   ᠴᠧᠨ ᠯᠢᠨ      ᠳ᠋ᠦᠩ ᠵᠢᠩ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2