ᠪᠦᠬᠦ ᠬᠤᠰᠢᠭᠤᠨ ᠤ ᠦᠨᠳᠦᠰᠦᠨ ᠱᠠᠲᠤᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠶᠢᠨ ᠠᠵᠢᠯᠲᠠᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠲᠡᠭᠦᠰ ᠠᠮᠵᠢᠯᠲᠠ ᠲᠠᠢ ᠶᠠᠪᠤᠭᠳᠠᠭᠰᠠᠨ
ᠨᠡᠶᠢᠲᠡᠯᠡᠭᠰᠡᠨ ᠴᠠᠭ᠄
2024/8/22
      ᠪᠦᠬᠦ ᠬᠤᠰᠢᠭᠤᠨ ᠤ ᠦᠨᠳᠦᠰᠦᠨ ᠱᠠᠲᠤᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠶᠢᠨ ᠠᠵᠢᠯᠲᠠᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠲᠡᠭᠦᠰ ᠠᠮᠵᠢᠯᠲᠠ ᠲᠠᠢ ᠶᠠᠪᠤᠭᠳᠠᠭᠰᠠᠨ              8 ᠰᠠᠷ᠎ᠠ ᠶᠢᠨ 16 ᠤ ᠡᠳᠦᠷ᠂ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ  ᠠᠴᠠ ᠦᠨᠳᠦᠰᠦᠨ ᠱᠠᠲᠤᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠶᠢᠨ ᠠᠵᠢᠯᠲᠠᠳ ᠤᠨ ᠠᠵᠢᠯ ᠮᠡᠷᠭᠡᠵᠢᠯ ᠤᠨ ᠴᠢᠳᠠᠪᠤᠷᠢ ᠶᠢᠨ ᠤᠷᠤᠯᠳᠤᠭᠠᠨ ᠶᠠᠪᠤᠭᠤᠯᠪᠠ᠃        ᠲᠤᠰ ᠤᠳᠠᠭᠠᠨ ᠤ ᠤᠷᠤᠯᠳᠤᠭᠠᠨ ᠳᠤ ᠰᠤᠮᠤ ᠰᠢᠶᠠᠩ ᠪᠠᠯᠭᠠᠰᠤ ᠶᠢᠨ ᠴᠡᠷᠢᠭ ᠤᠨ ᠠᠯᠪᠠᠨ᠋ ᠠᠴᠠ ᠬᠠᠯᠠᠭᠳᠠᠭᠰᠠᠳ ᠤᠨ 13 ᠦᠢᠯᠡᠴᠢᠯᠡᠭᠡᠨ ᠤ ᠥᠷᠲᠡᠭᠡ ᠶᠢᠨ ᠲᠥᠯᠥᠭᠡᠯᠡᠭᠴᠢᠳ ᠤᠨ ᠠᠩᠭᠢ ᠣᠷᠣᠯᠴᠠᠵᠤ᠂ ᠠᠭᠤᠯᠭ᠎ᠠ ᠨᠢ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠪᠠᠲᠤᠯᠠᠭ᠎ᠠ ᠯᠤᠭ᠎ᠠ ᠬᠤᠯᠪᠣᠭᠳᠠᠬᠤ ᠲᠤᠬᠠᠶᠢᠯᠠᠭᠰᠠᠨ ᠠᠵᠢᠯ ᠤᠨ ᠮᠡᠷᠭᠡᠵᠢᠯ ᠤᠨ ᠴᠢᠳᠠᠪᠤᠷᠢ᠂ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠪᠠ ᠨᠡᠶᠢᠭᠡᠮ ᠤᠨ ᠪᠠᠲᠤᠯᠠᠭ᠎ᠠ᠂ ᠮᠡᠳᠡᠭᠡ ᠵᠠᠩᠭᠢ ᠶᠢᠨ ᠮᠡᠷᠭᠡᠵᠢᠯ ᠵᠡᠷᠭᠡ ᠮᠡᠳᠡᠯᠭᠡ ᠶᠢ ᠪᠠᠭᠲᠠᠭᠠᠵᠤ᠂  ᠪᠦᠬᠦᠶᠢᠯᠡ ᠤᠷᠤᠯᠳᠤᠭᠠᠨ ᠤ ᠠᠭᠤᠷ ᠠᠮᠢᠰᠬᠤᠯ ᠪᠠᠴᠢᠮ ᠪᠥᠭᠡᠳ ᠬᠤᠷᠴᠠ ᠰᠢᠷᠦᠭᠦᠨ ᠶᠠᠪᠤᠭᠳᠠᠵᠤ᠂ ᠤᠷᠤᠯᠳᠤᠭᠠᠨ ᠳᠤ ᠤᠷᠤᠯᠴᠠᠭᠰᠠᠳ ᠴᠤᠭ ᠵᠢᠪᠬᠤᠭ᠎ᠠ ᠲᠡᠭᠦᠯᠳᠡᠷ᠂ ᠪᠦᠬᠦ ᠬᠦᠴᠦ ᠪᠠᠷ ᠢᠶᠠᠨ ᠴᠢᠷᠮᠠᠶᠢᠵᠤ᠂ ᠯᠠᠪᠳᠠᠭᠤᠨ ᠪᠠᠲᠤᠲᠠᠢ ᠣᠨᠣᠯ ᠤᠨ ᠦᠨᠳᠦᠰᠦᠨ ᠪᠣᠯᠪᠠᠰᠤᠷᠠᠯ ᠪᠠ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠪᠠᠨ ᠭᠦᠢᠴᠡᠳ ᠢᠯᠡᠷᠡᠭᠦᠯᠦᠭᠰᠡᠨ ᠪᠠᠶᠢᠨ᠎ᠠ᠃        ᠳᠠᠷᠠᠭᠠᠴᠢ ᠶᠢᠨ ᠠᠯᠬᠤᠮ ᠳᠤ᠂ ᠳᠥᠷᠪᠡᠳ ᠬᠤᠰᠢᠭᠤᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠨᠢ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠦᠷᠭᠦᠯᠵᠢᠯᠡᠨ ᠪᠥᠬᠦ ᠲᠠᠯ᠎ᠠ ᠪᠠᠷ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠪᠦᠬᠦ ᠠᠵᠢᠯᠲᠠᠳ ᠤᠨ ᠦᠢᠯᠡᠴᠢᠯᠡᠭᠡᠨ ᠤ ᠡᠩᠨᠡᠭᠡ ᠶᠢᠨ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠪᠠ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠨᠡᠮᠡᠭᠳᠡᠭᠦᠯᠬᠦ ᠪᠠᠷ ᠭᠠᠷᠳᠠᠴᠠ ᠪᠣᠯᠭᠠᠵᠤ᠂ ᠪᠦᠬᠦ ᠬᠤᠰᠢᠭᠤᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠴᠡᠷᠢᠭ ᠤᠨ ᠶᠠᠪᠤᠳᠠᠯ ᠤᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠢ ᠡᠭᠦᠳᠦᠨ᠎ᠡ ᠭᠡᠰᠡᠨ ᠪᠠᠶᠢᠨ᠎ᠠ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄  ᠰᠤᠷᠤᠨ᠎ᠠ    ᠰᠦᠩ ᠰᠢᠶᠣᠣ ᠢᠦᠢ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2