ᠢᠦᠢ ᠳ᠋ᠠᠢ ᠴᠢᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/22
      ᠢᠦᠢ ᠳ᠋ᠠᠢ ᠴᠢᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ              8 ᠰᠠᠷ᠎ᠠ ᠶᠢᠨ 16 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠢᠦᠢ ᠳ᠋ᠠᠢ ᠴᠢᠩ  ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠣ ᠴᠧᠡᠭ ᠤᠨ ᠬᠥᠯᠥᠨ ᠪᠤᠶᠢᠷ ᠪᠣᠯᠤᠨ ᠬᠢᠩᠭᠠᠨ ᠠᠶᠢᠮᠠᠭ ᠲᠤ ᠭᠦᠨᠵᠡᠭᠡᠶᠢᠷᠡᠨ ᠬᠢᠯᠢ ᠶᠢᠨ ᠪᠤᠭᠤᠮᠲᠠ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ᠂ ᠬᠡᠯᠪᠡᠷᠢ ᠶᠢᠨ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠳᠤ ᠳᠠᠷᠤᠭᠠᠰᠤ ᠬᠥᠩᠭᠡᠷᠡᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠲᠣᠭᠲᠠᠭᠠᠯ ᠤᠳ ᠢ ᠤᠯᠠᠮᠵᠢᠯᠠᠨ ᠰᠤᠷᠤᠯᠴᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭᠠᠨ ᠤ ᠲᠥᠰᠦᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠢ ᠰᠤᠳᠤᠯᠤᠨ ᠰᠤᠷᠤᠯᠴᠠᠵᠤ ᠤᠬᠠᠭᠤᠯᠤᠭᠰᠠᠨ ᠪᠠᠶᠢᠨ᠎ᠠ᠃        ᠢᠦᠢ ᠳ᠋ᠠᠢ ᠴᠢᠩ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠰᠠᠶᠢᠲᠤᠷ ᠤᠬᠠᠭᠤᠯᠵᠤ᠂ ᠰᠠᠶᠢᠲᠤᠷ ᠲᠤᠤᠱᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠳᠠᠬᠢ ᠡᠷᠬᠡᠪᠰᠢ ᠴᠢᠩᠭ᠎ᠠ ᠠᠳᠬᠤᠬᠤ ᠬᠡᠷᠡᠭᠲᠡᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠤᠨ᠎ᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠠᠷᠢᠨ ᠨᠢᠮᠪᠠᠢ ᠪᠠᠶᠢᠷᠢᠯᠠᠭᠤᠯᠵᠤ᠂ ᠪᠦᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠤᠨ ᠳᠤᠮᠳᠠ ᠢᠳᠡᠪᠬᠢᠲᠡᠢ ᠰᠤᠷᠤᠯᠴᠠᠨ ᠲᠤᠤᠱᠯᠠᠭᠤᠯᠬᠤ ᠬᠡᠷᠡᠭᠲᠡᠢ᠃ ᠤᠯᠠᠮᠵᠢᠯᠠᠯᠲᠤ ᠵᠠᠭᠤᠴᠢᠯᠠᠭᠤᠷ᠂ ᠰᠢᠨ᠎ᠡ ᠵᠠᠭᠤᠴᠢᠯᠠᠭᠤᠷ ᠵᠡᠷᠭᠡ ᠰᠠᠭᠤᠷᠢᠨ ᠭᠠᠵᠠᠷ ᠪᠠ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠨᠴᠠᠯᠢᠭ ᠲᠠᠢ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠰᠠᠨ᠂ ᠬᠥᠮᠦᠰ ᠤᠨ ᠰᠡᠳᠬᠢᠯ ᠳᠤ ᠨᠡᠶᠢᠴᠡᠭᠰᠡᠨ ᠤᠬᠠᠭᠤᠯᠭ᠎ᠠ ᠲᠠᠶᠢᠯᠤᠮᠵᠢ ᠶᠢᠨ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠠᠯᠠᠭ᠎ᠠ ᠮᠥᠴᠢᠷ᠂ ᠰᠤᠷᠭᠠᠭᠤᠯᠢ ᠶᠢᠨ ᠬᠦᠷᠢᠶ᠎ᠡ᠂ ᠠᠵᠤ ᠠᠬᠤᠶᠢᠯᠠᠯ ᠳᠤ ᠣᠷᠣᠭᠤᠯᠬᠤ ᠶᠢ ᠠᠬᠢᠭᠤᠯᠵᠤ ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠬᠤᠰᠢᠭᠤᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠰᠡᠨ ᠪᠠᠶᠢᠨ᠎ᠠ᠃       ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠰᠦᠯᠳᠡ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠧᠩ ᠭᠤᠸᠠᠩ ᠾᠦᠢ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠠᠯᠲᠠ᠂ ᠡᠯ᠎ᠡ ᠪᠠᠶᠢᠩᠭᠤ ᠶᠢᠨ ᠭᠡᠰᠢᠭᠦᠨ᠂ ᠬᠤᠰᠢᠭᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠢ᠃ ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄   ᠯᠢ ᠨᠢᠩ   ᠬᠤᠣ ᠫᠧᠩ  ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2