ᠳᠤᠮᠳᠠᠳᠤ ᠤᠯᠤᠰ ᠤᠨ ᠡᠪ ᠬᠠᠮᠲᠤ ᠨᠠᠮ ᠤᠨ ᠳᠥᠷᠪᠡᠳ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠠᠷᠪᠠᠨ ᠲᠠᠪᠤᠳᠤᠭᠠᠷ ᠤᠳᠠᠭᠠᠨ ᠤ ᠪᠦᠭᠦᠳᠡ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2024/8/22
      ᠳᠤᠮᠳᠠᠳᠤ ᠤᠯᠤᠰ ᠤᠨ ᠡᠪ ᠬᠠᠮᠲᠤ ᠨᠠᠮ ᠤᠨ ᠳᠥᠷᠪᠡᠳ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠠᠷᠪᠠᠨ ᠲᠠᠪᠤᠳᠤᠭᠠᠷ ᠤᠳᠠᠭᠠᠨ ᠤ ᠪᠦᠭᠦᠳᠡ ᠬᠤᠷᠠᠯ ᠬᠤᠷᠠᠯᠳᠤᠭᠰᠠᠨ               ᠳᠤᠮᠳᠠᠳᠤ ᠤᠯᠤᠰ ᠤᠨ ᠡᠪ ᠬᠠᠮᠲᠤ ᠨᠠᠮ ᠤᠨ ᠳᠥᠷᠪᠡᠳ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠠᠷᠪᠠᠨ ᠲᠠᠪᠤᠳᠤᠭᠠᠷ ᠤᠳᠠᠭᠠᠨ ᠤ ᠪᠦᠭᠦᠳᠡ ᠬᠤᠷᠠᠯ᠂ 2024 ᠣᠨ ᠤ 8 ᠰᠠᠷ᠎ᠠ ᠶᠢᠨ 19 ᠤ ᠡᠳᠦᠷ ᠤᠯᠠᠭᠠᠨ ᠬᠤᠸᠠ ᠪᠠᠯᠭᠠᠰᠤᠨ ᠳᠤ ᠶᠠᠪᠤᠭᠳᠠᠪᠠ᠃       ᠡᠨᠡ ᠤᠳᠠᠭ᠎ᠠ ᠶᠢᠨ ᠪᠦᠭᠦᠳᠡ ᠬᠤᠷᠠᠯ ᠳᠤ᠂ ᠬᠤᠰᠢᠭᠤᠨ ᠤ ᠨᠠᠮ ᠤᠨ ᠬᠤᠷᠢᠶᠠᠨ ᠤ 41ᠭᠡᠰᠢᠭᠦᠨ᠂ ᠣᠷᠣᠯᠠᠭᠴᠢ 9 ᠭᠡᠰᠢᠭᠦᠨ᠂ ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠬᠤ ᠨᠥᠬᠦᠳ᠂ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠰᠤᠮᠤ ᠰᠢᠶᠠᠩ ᠪᠠᠯᠭᠠᠰᠤ᠂ ᠬᠤᠰᠢᠭᠤ ᠰᠢᠭᠤᠳ ᠬᠠᠷᠢᠶ᠎ᠠ ᠪᠠ ᠬᠠᠮᠢᠶᠠᠷᠤᠯᠲᠠ ᠶᠢᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠬᠤᠷᠠᠯ ᠳᠤ ᠣᠷᠣᠯᠴᠠᠭᠰᠠᠨ ᠬᠡᠰᠡᠭ ᠲᠥᠯᠥᠭᠡᠯᠡᠭᠴᠢᠳ ᠪᠠ ᠬᠤᠲᠠ ᠶᠢᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠭᠰᠠᠨ ᠬᠡᠰᠡᠭ ᠦᠨᠳᠦᠰᠦᠨ ᠱᠠᠲᠤᠨ ᠤ ᠲᠥᠯᠥᠭᠡᠯᠡᠭᠴᠢᠳ ᠤᠷᠤᠯᠴᠠᠭᠰᠠᠨ ᠪᠠᠶᠢᠨ᠎ᠠ᠃        ᠪᠦᠭᠦᠳᠡ ᠬᠤᠷᠠᠯ ᠢ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠵᠦ᠂ ᠬᠤᠰᠢᠭᠤ ᠨᠠᠮ ᠤᠨ ᠬᠤᠷᠢᠶᠠᠨ ᠤ ᠱᠦᠵᠢ ᠢᠦᠢ ᠳ᠋ᠠᠢ ᠴᠢᠩ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠪᠦᠭᠦᠳᠡ ᠬᠤᠷᠠᠯ ᠳᠤ 2024 ᠳᠡᠭᠡᠳᠦ ᠬᠠᠭᠠᠰ ᠵᠢᠯ ᠤᠨ ᠠᠵᠢᠯ ᠤᠨ ᠮᠡᠳᠡᠭᠦᠯᠦᠯᠲᠡ ᠬᠢᠵᠦ᠂ ᠣᠳᠣᠬᠠᠨ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂《ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠥᠷᠪᠡᠳ ᠬᠤᠰᠢᠭᠤᠨ ᠤ ᠨᠠᠮ ᠤᠨ ᠬᠤᠷᠢᠶᠠᠨ ᠤ ᠰᠠᠨᠠᠯ》 ᠢ ᠬᠢᠨᠠᠨ ᠵᠥᠪᠯᠡᠵᠦ ᠪᠠᠲᠤᠯᠠᠪᠠ᠃ ᠢᠦᠢ ᠳ᠋ᠠᠢ ᠴᠢᠩ  ᠠᠴᠠ《ᠰᠠᠨᠠᠯ (ᠶᠠᠷᠢᠯᠴᠠᠬᠤ ᠡᠬᠡ ᠨᠣᠣᠷᠠᠭ)》 ᠤᠨ ᠲᠤᠬᠠᠢ ᠪᠥᠬᠦᠳᠡ ᠬᠤᠷᠠᠯ ᠳᠤ ᠲᠣᠳᠣᠷᠬᠠᠶᠢᠯᠠᠯᠲᠠ ᠬᠢᠵᠡᠢ᠃        ᠪᠦᠭᠦᠳᠡ ᠬᠤᠷᠠᠯ ᠠᠴᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠢ ᠰᠣᠨᠣᠰᠤᠨ ᠶᠠᠷᠢᠯᠴᠠᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠡᠨᠡ ᠵᠢᠯ ᠠᠴᠠ ᠨᠠᠰᠢᠬᠢ ᠠᠵᠢᠯ ᠢ ᠭᠦᠢᠴᠡᠳ ᠨᠤᠲᠠᠯᠠᠪᠠ᠃        ᠪᠦᠭᠦᠳᠡ ᠬᠤᠷᠠᠯ ᠠᠴᠠ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ  ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠵᠤ᠂ ᠰᠡᠳᠬᠢᠯ ᠢᠶᠠᠨ  ᠨᠢᠭᠲᠠᠷᠠᠭᠤᠯᠤᠨ ᠬᠦᠴᠦᠨ ᠢᠶᠠᠨ ᠲᠥᠪᠯᠡᠷᠡᠭᠦᠯᠵᠦ᠂ ᠦᠨᠡᠨᠬᠦ ᠠᠳᠬᠤᠵᠤ ᠪᠣᠳᠠᠲᠠᠢ ᠠᠵᠢᠯᠯᠠᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠳᠥᠷᠪᠡᠳ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ  ᠪᠢᠴᠢᠭᠯᠡᠰᠦᠭᠡᠢ ᠭᠡᠵᠦ ᠤᠷᠢᠶᠠᠯᠠᠭᠰᠠᠨ ᠪᠠᠶᠢᠨ᠎ᠠ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄   ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ ᠤᠨ ᠪᠦᠬᠦ ᠰᠤᠷᠪᠤᠯᠵᠢᠯᠠᠭᠴᠢᠤᠨᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2