ᠬᠤᠰᠢᠭᠤᠨ ᠤ ᠡᠬᠡ ᠨᠢᠯᠬᠠᠰ ᠤᠨ ᠡᠷᠡᠭᠦᠯ ᠬᠠᠮᠠᠭᠠᠯᠠᠯ ᠤᠨ ᠬᠤᠷᠢᠶ᠎ᠠ ᠪᠦᠬᠦ ᠬᠤᠰᠢᠭᠤᠨ ᠤ ᠵᠠᠯᠠᠭᠤ ᠪᠠᠭᠠᠴᠤᠳ ᠲᠤ ᠰᠦᠢᠳᠬᠡᠯ ᠬᠤᠷᠢᠶᠠᠬᠤ ᠦᠭᠡᠢ ᠬᠠᠷᠠᠭ᠎ᠠ ᠰᠢᠯᠭᠠᠨ ᠪᠠᠶᠢᠴᠠᠭᠠᠭᠰᠠᠨ
ᠨᠡᠶᠢᠲᠡᠯᠡᠭᠰᠡᠨ ᠴᠠᠭ᠄
2024/8/22
      ᠬᠤᠰᠢᠭᠤᠨ ᠤ ᠡᠬᠡ ᠨᠢᠯᠬᠠᠰ ᠤᠨ ᠡᠷᠡᠭᠦᠯ ᠬᠠᠮᠠᠭᠠᠯᠠᠯ ᠤᠨ ᠬᠤᠷᠢᠶ᠎ᠠ ᠪᠦᠬᠦ ᠬᠤᠰᠢᠭᠤᠨ ᠤ ᠵᠠᠯᠠᠭᠤ ᠪᠠᠭᠠᠴᠤᠳ ᠲᠤ ᠰᠦᠢᠳᠬᠡᠯ ᠬᠤᠷᠢᠶᠠᠬᠤ ᠦᠭᠡᠢ ᠬᠠᠷᠠᠭ᠎ᠠ ᠰᠢᠯᠭᠠᠨ ᠪᠠᠶᠢᠴᠠᠭᠠᠭᠰᠠᠨ              8 ᠰᠠᠷ᠎ᠠ ᠶᠢᠨ 20 ᠤ ᠡᠳᠦᠷ᠂ ᠬᠤᠰᠢᠭᠤᠨ ᠤ ᠡᠬᠡ ᠨᠢᠯᠬᠠᠰ ᠤᠨ ᠡᠷᠡᠭᠦᠯ ᠬᠠᠮᠠᠭᠠᠯᠠᠯ ᠤᠨ ᠬᠤᠷᠢᠶ᠎ᠠ ᠨᠢ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠪᠦᠬᠦ ᠬᠤᠰᠢᠭᠤᠨ ᠤ ᠵᠠᠯᠠᠭᠤᠴᠤᠳ ᠪᠠᠭᠠᠴᠤᠳ ᠲᠤ ᠰᠦᠢᠳᠬᠡᠯ ᠬᠤᠷᠢᠶᠠᠬᠤ ᠥᠬᠡᠢ ᠬᠠᠷᠠᠭᠠᠨ ᠤ ᠪᠠᠶᠢᠴᠠᠭᠠᠯᠲᠠ ᠬᠢᠬᠦ ᠠᠵᠢᠯᠯᠠᠭ᠎ᠠ ᠥᠷᠨᠢᠭᠦᠯᠪᠡ᠃       ᠣᠶᠢᠷ᠎ᠠ ᠶᠢᠨ ᠵᠢᠯ ᠤᠳ ᠲᠤ᠂ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭᠠᠨ ᠤ ᠠᠰᠠᠭᠤᠳᠠᠯ ᠤᠯᠠᠮ ᠠᠴᠠ ᠤᠯᠠᠮ ᠳᠣᠪᠤᠶᠢᠮ᠎ᠠ ᠪᠣᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠠᠩᠬᠠᠷᠤᠯ ᠢ ᠥᠷᠭᠡᠨ ᠢᠶᠠᠷ ᠲᠠᠲᠠᠵᠤ ᠪᠠᠶᠢᠨ᠎ᠠ᠃ ᠬᠤᠰᠢᠭᠤᠨ ᠤ ᠡᠬᠡ ᠨᠢᠯᠬᠠᠰ ᠤᠨ ᠡᠷᠡᠭᠦᠯ ᠬᠠᠮᠠᠭᠠᠯᠠᠯ ᠤᠨ ᠬᠤᠷᠢᠶ᠎ᠠ ᠨᠢ ᠡᠨᠡᠬᠦ ᠪᠠᠶᠢᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠢᠳᠦᠨ ᠤ ᠡᠮᠴᠢᠯᠡᠭᠡᠨ ᠤ ᠲᠤᠰᠬᠠᠢ ᠪᠦᠯᠬᠦᠮ ᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠥᠷᠭᠡᠨ ᠣᠯᠠᠨ ᠵᠠᠯᠠᠭᠤᠴᠤᠳ ᠪᠠᠭᠠᠴᠤᠳ ᠲᠤ ᠰᠦᠢᠳᠬᠡᠯ ᠬᠤᠷᠢᠶᠠᠬᠤ ᠥᠬᠡᠢ᠂ ᠳᠥᠭᠦᠮ ᠲᠦᠳᠡ᠂ ᠲᠤᠰᠬᠠᠢ ᠮᠡᠷᠭᠡᠵᠢᠯ ᠤᠨ ᠬᠠᠷᠠᠭᠠᠨ ᠴᠢᠳᠠᠪᠤᠷᠢ ᠶᠢ ᠰᠢᠯᠭᠠᠨ ᠪᠠᠶᠢᠴᠠᠭᠠᠬᠤ ᠦᠢᠯᠡᠴᠢᠯᠡᠭᠡ ᠬᠠᠩᠭᠠᠨ᠎ᠠ᠃       ᠡᠨᠡ ᠤᠳᠠᠭᠠᠨ ᠤ ᠰᠦᠢᠳᠬᠡᠯ ᠬᠤᠷᠢᠶᠠᠬᠤ ᠥᠬᠡᠢ ᠬᠠᠷᠠᠭᠠᠨ ᠤ ᠪᠠᠶᠢᠴᠠᠭᠠᠯᠲᠠ ᠶᠢᠨ ᠠᠵᠢᠯᠯᠠᠭ᠎ᠠ ᠪᠣᠯ ᠬᠤᠰᠢᠭᠤᠨ ᠤ ᠡᠬᠡ ᠨᠢᠯᠬᠠᠰ ᠤᠨ ᠡᠷᠡᠭᠦᠯ ᠬᠠᠮᠠᠭᠠᠯᠠᠯ ᠤᠨ ᠬᠤᠷᠢᠶᠠᠨ ᠤ ᠵᠠᠯᠠᠭᠤᠴᠤᠳ ᠪᠠᠭᠠᠴᠤᠳ ᠤᠨ ᠡᠷᠡᠭᠦᠯ ᠮᠡᠨᠳᠦ ᠶᠢ ᠬᠠᠯᠠᠮᠵᠢᠯᠠᠬᠤ ᠠᠷᠭ᠎ᠠ ᠪᠠᠷᠢᠯ ᠤᠨ ᠨᠢᠭᠡ ᠪᠠᠶᠢᠵᠤ᠂ ᠡᠮᠨᠡᠯᠭᠡ ᠶᠢᠨ ᠬᠤᠷᠢᠶᠠᠨ ᠤ ᠨᠡᠶᠢᠭᠡᠮ ᠤᠨ ᠬᠠᠷᠢᠭᠤᠴᠠᠯᠭ᠎ᠠ ᠪᠣᠯᠤᠨ ᠡᠭᠦᠷᠭᠡᠯᠡᠯ ᠢ ᠢᠯᠡᠷᠡᠭᠦᠯᠦᠭᠰᠡᠨ ᠪᠠᠶᠢᠨ᠎ᠠ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄  ᠴᠧᠨ ᠯᠢᠨ    ᠳ᠋ᠦᠩ ᠵᠢᠩᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2