ᠤᠯᠠᠭᠠᠨᠴᠠᠪ ᠬᠤᠲᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠮᠠᠨ ᠤ ᠬᠤᠰᠢᠭᠤᠨ ᠳᠤ
ᠨᠡᠶᠢᠲᠡᠯᠡᠭᠰᠡᠨ ᠴᠠᠭ᠄
2024/8/22
      ᠤᠯᠠᠭᠠᠨᠴᠠᠪ ᠬᠤᠲᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠮᠠᠨ ᠤ ᠬᠤᠰᠢᠭᠤᠨ ᠳᠤ                 8 ᠰᠠᠷ᠎ᠠ ᠶᠢᠨ 19 ᠤ ᠡᠳᠦᠷ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠤᠤᠱᠯᠠᠭᠤᠯᠬᠤ ᠤᠯᠠᠭᠠᠨᠴᠠᠪ ᠬᠤᠲᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ ᠯᠢ ᠹᠧᠩ ᠱᠤᠸᠠᠩ᠂ ᠮᠠᠨ ᠤ ᠬᠤᠰᠢᠭᠤᠨ ᠳᠤ ᠭᠦᠨᠵᠡᠭᠡᠶᠢᠷᠡᠵᠦ᠂ ᠰᠤᠷᠭᠠᠨ ᠬᠥᠮᠦᠵᠢᠯ ᠤᠨ ᠰᠢᠰᠲ᠋ᠧᠮ ᠳᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠠᠢ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠳᠡᠳ᠋ ᠳᠠᠷᠤᠭ᠎ᠠ ᠶᠠᠩ ᠯᠢᠦ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃       ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠯᠢ ᠹᠧᠩ ᠱᠤᠸᠠᠩ ᠰᠤᠷᠭᠠᠨ ᠬᠥᠮᠦᠵᠢᠯ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢᠨ ᠰᠤᠷᠭᠠᠨ ᠬᠥᠮᠦᠵᠢᠯ ᠤᠨ ᠬᠦᠷᠢᠶᠡᠨ ᠳᠤ ᠦᠵᠡᠭᠦᠯᠬᠦ ᠠᠯᠤᠰ ᠬᠡᠳᠦ ᠶᠢᠨ ᠨᠥᠯᠥᠭᠡ ᠪᠣᠯᠤᠨ ᠪᠣᠳᠠᠲᠠᠢ ᠱᠠᠭᠠᠷᠳᠠᠯᠭ᠎ᠠ ᠶᠢ ᠨᠠᠷᠢᠨ ᠲᠠᠶᠢᠯᠪᠤᠷᠢᠯᠠᠵᠠᠢ᠃ ᠰᠤᠷᠭᠠᠨ ᠬᠥᠮᠦᠵᠢᠯ ᠤᠨ ᠠᠵᠢᠯᠲᠠᠳ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤᠮᠳᠠᠬᠢ ᠰᠤᠷᠭᠠᠨ ᠬᠥᠮᠦᠵᠢᠯ ᠤᠨ ᠴᠢᠬᠤᠯᠠ ᠦᠢᠯᠡᠳᠦᠯ ᠢ ᠭᠦᠨᠵᠡᠭᠡᠢ ᠲᠠᠨᠢᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠂ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠴᠢᠷᠮᠠᠶᠢᠨ ᠬᠥᠮᠦᠵᠢᠭᠦᠯᠬᠦ ᠬᠡᠷᠡᠭᠲᠡᠢ ᠭᠡᠳᠡᠭ ᠢ ᠲᠣᠳᠣᠷᠬᠠᠢ ᠲᠠᠨᠢᠵᠤ ᠣᠯᠪᠠ᠃        ᠡᠨᠡ ᠤᠳᠠᠭᠠᠨ ᠤ ᠤᠬᠠᠭᠤᠯᠭ᠎ᠠ ᠪᠠᠷ ᠲᠣᠬᠢᠶᠠᠯ ᠪᠣᠯᠭᠠᠨ᠂ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠥᠷᠭᠡᠨ ᠣᠯᠠᠨ ᠪᠠᠭᠰᠢ ᠰᠤᠷᠤᠭᠴᠢᠳ ᠢ ᠬᠥᠲᠥᠯᠦᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠦᠭᠦᠯᠬᠦ᠂ ᠡᠭᠦᠨ ᠤ ᠬᠠᠮᠲᠤ᠂ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠦᠨᠡᠨᠬᠦ ᠬᠡᠷᠡᠭᠵᠢᠭᠦᠯᠦᠭᠦᠰᠢᠲᠡᠢ ᠠᠷᠭ᠎ᠠ ᠬᠡᠮᠵᠢᠶ᠎ᠡ ᠲᠣᠭᠲᠠᠭᠠᠵᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠲᠠᠰᠤᠷᠠᠯᠲᠠ ᠦᠭᠡᠢ ᠭᠦᠨᠵᠡᠭᠡᠶᠢᠷᠡᠬᠦ ᠶᠢ ᠲᠦᠯᠬᠢᠨ ᠠᠬᠢᠭᠤᠯᠵᠤ᠂ ᠳᠥᠷᠪᠡᠳ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠥᠷᠨᠢᠭᠦᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠣᠯᠤᠨ᠎ᠠ᠃         ᠬᠤᠰᠢᠭᠤᠨ ᠤ ᠰᠤᠷᠭᠠᠨ ᠬᠦᠮᠦᠵᠢᠯ ᠤᠨ ᠰᠢᠰᠲ᠋ᠧᠮ ᠤᠨ ᠨᠡᠶᠢᠲᠡ 370 ᠭᠠᠷᠤᠢ ᠬᠥᠮᠦᠨ ᠣᠷᠣᠯᠴᠠᠭᠰᠠᠨ ᠪᠠᠶᠢᠨ᠎ᠠ᠃ ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄  ᠴᠧᠨ ᠯᠢᠨ    ᠳ᠋ᠦᠩ ᠵᠢᠩᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2