ᠢᠦᠢ ᠳ᠋ᠠᠢ ᠴᠢᠩ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠤᠭᠰᠠᠨ
ᠨᠡᠶᠢᠲᠡᠯᠡᠭᠰᠡᠨ ᠴᠠᠭ᠄
2024/8/22
      ᠢᠦᠢ ᠳ᠋ᠠᠢ ᠴᠢᠩ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠤᠭᠰᠠᠨ                8 ᠳ᠋ᠤᠭᠠᠷ ᠰᠠᠷ᠎ᠠ ᠶᠢᠨ 19 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠢᠦᠢ ᠳ᠋ᠠᠢ ᠴᠢᠩ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠪᠡᠭᠡᠵᠢᠩ ᠥᠪᠥᠷ ᠮᠣᠩᠭᠤᠯ ᠢ ᠬᠠᠪᠰᠤᠷᠤᠨ ᠲᠡᠳᠬᠦᠬᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠵᠡᠷᠭᠡ ᠠᠵᠢᠯ ᠢ ᠰᠤᠳᠤᠯᠪᠠ᠃        ᠢᠦᠢ ᠳ᠋ᠠᠢ ᠴᠢᠩ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂《ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ》 ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠡᠷᠡ ᠶᠣᠰᠣᠭᠠᠷ  ᠨᠢ ᠨᠠᠶᠢᠳᠠᠪᠤᠷᠢᠵᠢᠭᠤᠯᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠤᠶᠠᠯᠳᠤᠭᠤᠯᠤᠨ ᠬᠢᠨᠠᠨ ᠵᠢᠯᠣᠭᠤᠳᠴᠤ ᠬᠠᠷᠢᠭᠤ ᠲᠤᠰᠬᠠᠭᠰᠠᠨ ᠰᠠᠨᠠᠯ ᠢ ᠪᠦᠲᠦᠮᠵᠢᠲᠡᠢ ᠵᠣᠯᠭᠠᠭᠤᠯᠵᠤ᠂ ᠡᠯ᠎ᠡ ᠵᠦᠢᠯ ᠤᠨ ᠠᠵᠢᠯ ᠢ ᠨᠠᠷᠢᠨ ᠨᠢᠮᠪᠠᠢ ᠬᠢᠵᠦ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ᠃ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠪᠡᠭᠡᠵᠢᠩ ᠬᠢᠭᠡᠳ ᠥᠪᠥᠷ ᠮᠣᠩᠭᠤᠯ ᠢ ᠵᠣᠯᠭᠠᠭᠤᠯᠬᠤ ᠪᠡᠯᠡ ᠮᠥᠩᠭᠦ ᠶᠢᠨ ᠬᠡᠷᠡᠭᠯᠡᠬᠦ ᠠᠵᠢᠯ ᠢ ᠰᠠᠶᠢᠲᠤᠷ ᠬᠢᠵᠦ᠂ ᠲᠥᠷᠥᠯ ᠵᠦᠢᠯ ᠤᠨ ᠪᠡᠯᠡ ᠮᠥᠩᠭᠦ ᠶᠢ ᠴᠠᠭ ᠬᠤᠭᠤᠴᠠᠭ᠎ᠠ ᠶᠣᠰᠣᠭᠠᠷ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠲᠥᠷᠥᠯ ᠵᠦᠢᠯ ᠤᠨ ᠬᠠᠮᠤᠭ ᠤᠨ ᠶᠡᠭᠡ ᠦᠷ᠎ᠡ ᠠᠰᠢᠭ ᠢ ᠪᠠᠳᠠᠷᠠᠭᠤᠯᠬᠤ ᠬᠡᠷᠡᠭᠲᠡᠢ᠃ ᠮᠠᠨ ᠤ ᠬᠤᠰᠢᠭᠤ ᠨᠢ ᠪᠥᠬᠦ ᠬᠤᠲᠠ ᠶᠢᠨ《ᠭᠤᠷᠪᠠᠨ ᠤᠮᠠᠷᠠᠲᠤ》 ᠶᠢᠨ ᠢᠨᠵᠧᠨᠧᠷᠢᠩ ᠤᠨ ᠭᠤᠣᠯ ᠲᠠᠯᠠᠪᠤᠷ ᠪᠣᠯᠤᠭᠰᠠᠨ ᠤ ᠬᠤᠪᠢ ᠳᠤ᠂ ᠲᠠᠯ᠎ᠠ ᠨᠤᠲᠤᠭ ᠢ ᠰᠡᠯᠭᠦᠭᠡᠨ ᠰᠡᠷᠭᠦᠭᠡᠬᠦ ᠢᠨᠵᠧᠨᠧᠷᠢᠩ ᠤᠨ ᠲᠥᠷᠥᠯ ᠵᠦᠢᠯ ᠤᠨ ᠲᠠᠯᠠᠪᠠᠢ ᠥᠷᠭᠡᠨ᠂ ᠡᠭᠦᠷᠭᠡ ᠬᠦᠨᠳᠦ ᠪᠣᠯᠬᠤᠷ᠂ ᠲᠥᠷᠥᠯ ᠵᠦᠢᠯ ᠤᠨ ᠲᠥᠯᠥᠪᠵᠢᠭᠦᠯᠭᠡ ᠶᠢᠨ ᠲᠣᠭᠤᠷᠢᠨ ᠳᠤ᠂ ᠰᠡᠷᠭᠦᠭᠡᠬᠦ ᠡᠭᠦᠷᠭᠡ ᠪᠠᠨ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠦᠲᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠰᠡᠨ ᠪᠠᠶᠢᠨ᠎ᠠ᠃        ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠰᠦᠯᠳᠡ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠧᠩ ᠭᠤᠸᠠᠩ ᠾᠦᠢ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠠᠯᠲᠠ᠂ ᠡᠯ᠎ᠡ ᠪᠠᠶᠢᠩᠭᠤ ᠶᠢᠨ ᠭᠡᠰᠢᠭᠦᠨ᠂ ᠬᠤᠰᠢᠭᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠢ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄  ᠯᠢ ᠨᠢᠩ    ᠷᠧᠨ ᠫᠧᠩ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2