ᠬᠤᠵᠢᠷᠲᠤ ᠰᠢᠶᠠᠩ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠪᠡ
ᠨᠡᠶᠢᠲᠡᠯᠡᠭᠰᠡᠨ ᠴᠠᠭ᠄
2024/8/27
      ᠬᠤᠵᠢᠷᠲᠤ ᠰᠢᠶᠠᠩ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠪᠡ        8 ᠰᠠᠷ᠎ᠠ ᠶᠢᠨ 20 ᠤ ᠡᠳᠦᠷ᠂ ᠬᠤᠵᠢᠷᠲᠤ ᠨᠤᠲᠤᠭ ᠲᠤ ᠰᠢᠷᠦᠭᠦᠨ ᠪᠣᠷᠣᠭᠠᠨ ᠣᠷᠣᠵᠤ᠂ ᠣᠯᠠᠨ ᠭᠤᠣᠯ ᠮᠥᠷᠡᠨ ᠤ ᠤᠰᠤᠨ ᠲᠦᠪᠰᠢᠨ ᠳᠡᠭᠡᠭᠰᠢᠯᠡᠵᠦ᠂ ᠦᠶᠡᠷ ᠤᠨ ᠤᠰᠤ ᠵᠡᠷᠭᠡᠪᠡᠷ ᠡᠭᠦᠰᠴᠦ᠂ ᠬᠡᠰᠡᠭ ᠭᠠᠵᠠᠷ ᠲᠤ ᠶᠡᠭᠡ ᠬᠡᠮᠵᠢᠶᠡᠨ ᠤ ᠤᠰᠤ ᠬᠤᠷᠠᠵᠠᠢ᠃ᠬᠤᠵᠢᠷᠲᠤ ᠰᠢᠶᠠᠩ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠠᠶᠢᠴᠢᠨ ᠪᠠᠬᠢᠯᠡᠯᠲᠡ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ᠂ ᠪᠤᠰᠢᠭᠤ ᠴᠤᠤᠷᠢᠶᠠᠲᠤᠨ ᠳᠠᠭᠠᠵᠤ᠂ ᠰᠢᠶᠠᠩ᠂ ᠲᠣᠰᠬᠤᠨ ᠬᠤᠶᠠᠷ ᠱᠠᠲᠤᠨ ᠤ ᠺᠠᠳ᠋ᠷ ᠢ ᠵᠣᠬᠢᠶᠠᠨ ᠪᠠᠶᠢᠭᠤᠯᠤᠨ᠂ ᠰᠡᠷᠭᠡᠶᠢᠯᠡᠵᠦ ᠠᠷᠭᠠᠴᠠᠨ ᠰᠢᠢᠳᠪᠦᠷᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃
8.21.jpg
       ᠰᠢᠶᠠᠩ ᠤᠨ ᠤᠳᠤᠷᠢᠳᠬᠤ ᠺᠠᠳ᠋ᠷᠴᠤᠳ ᠲᠦᠷᠦᠭᠦᠯᠡᠨ ᠡᠯ᠎ᠡ ᠲᠣᠰᠬᠤᠨ ᠳᠤ ᠭᠦᠨᠵᠡᠭᠡᠶᠢᠷᠡᠵᠦ᠂ ᠬᠥᠮᠦᠰ ᠢ ᠵᠣᠬᠢᠶᠠᠨ ᠪᠠᠶᠢᠭᠤᠯᠤᠨ ᠪᠦᠬᠦ ᠰᠢᠶᠠᠩ ᠤᠨ ᠬᠡᠪᠴᠢᠶᠡᠨ ᠳᠠᠬᠢ ᠭᠤᠣᠯ ᠤᠨ ᠵᠠᠮ᠂ ᠬᠠᠰᠢᠯᠭ᠎ᠠ᠂ ᠬᠥᠭᠦᠷᠭᠡ᠂ ᠵᠠᠮ ᠵᠡᠷᠭᠡ ᠭᠤᠣᠯᠳᠠᠯᠭ᠎ᠠ ᠲᠠᠢ ᠬᠡᠰᠡᠭ ᠲᠤ ᠪᠦᠬᠦ ᠲᠠᠯ᠎ᠠ ᠪᠠᠷ ᠵᠢᠭᠰᠡᠭᠠᠨ ᠪᠠᠶᠢᠴᠠᠭᠠᠬᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠡᠯ᠎ᠡ ᠵᠦᠢᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ ᠬᠡᠷᠡᠭᠲᠡᠢ᠃ᠡᠭᠦᠨ ᠤ ᠬᠠᠮᠲᠤ᠂ ᠭᠦᠢᠴᠡᠳ ᠬᠡᠮᠵᠢᠶᠡᠨ ᠤ ᠦᠶᠡᠷ ᠢ ᠰᠡᠷᠭᠡᠶᠢᠯᠡᠬᠦ ᠡᠳ᠋ ᠪᠣᠳᠠᠰ ᠬᠠᠳᠠᠭᠠᠯᠠᠵᠤ᠂ ᠰᠦᠯᠵᠢᠮᠡᠯ ᠤᠭᠤᠲᠠ 25᠂ ᠬᠦᠷᠵᠡ 6᠂ ᠪᠣᠷᠣᠭᠠᠨ ᠤ ᠱᠠᠬᠠᠢ 8᠂ ᠪᠠᠴᠢᠮ ᠪᠠᠶᠢᠳᠠᠯ ᠢ ᠠᠷᠭᠠᠴᠠᠬᠤ ᠭᠡᠷᠡᠯᠲᠦᠭᠦᠯᠭᠡ ᠶᠢᠨ ᠲᠥᠬᠦᠭᠡᠷᠦᠮᠵᠢ 8᠂ ᠤᠰᠤ ᠲᠠᠲᠠᠬᠤ ᠬᠥᠭᠡᠷᠭᠡ 1 ᠵᠡᠷᠭᠡ ᠶᠢ ᠪᠠᠭᠲᠠᠭᠠᠵᠠᠢ᠃       ᠷᠠᠳᠢᠣ ᠨᠡᠪᠲᠡᠷᠡᠭᠦᠯᠭᠡ᠂ ᠸᠢᠴᠠᠲ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠦᠶᠡᠷ ᠢ ᠰᠡᠷᠭᠡᠶᠢᠯᠡᠬᠦ ᠮᠡᠳᠡᠯᠭᠡ ᠪᠣᠯᠤᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠥᠷᠭᠡᠨ ᠢᠶᠠᠷ ᠤᠬᠠᠭᠤᠯᠵᠤ᠂ ᠣᠯᠠᠨ ᠲᠦᠮᠡᠨ ᠤ ᠦᠶᠡᠷ ᠢ ᠰᠡᠷᠭᠡᠶᠢᠯᠡᠬᠦ ᠦᠵᠡᠯ ᠤᠬᠠᠮᠰᠠᠷ ᠪᠣᠯᠤᠨ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠦᠢᠯᠡᠳᠪᠦᠷᠢᠯᠡᠯ ᠠᠮᠢᠳᠤᠷᠠᠯ ᠢ ᠨᠢ ᠵᠦᠢ ᠵᠣᠬᠢᠰᠲᠠᠢ ᠲᠣᠬᠢᠷᠠᠭᠤᠯᠤᠨ᠂ ᠰᠡᠷᠡᠮᠵᠢᠯᠡᠬᠦ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃24 ᠴᠠᠭ ᠢᠶᠠᠷ ᠵᠢᠵᠢᠭᠦᠷᠯᠡᠬᠦ ᠳᠦᠷᠢᠮ ᠪᠠ ᠤᠳᠤᠷᠢᠳᠤᠯᠭ᠎ᠠ ᠨᠠᠷ ᠵᠢᠵᠢᠭᠦᠷ ᠳᠠᠭᠠᠭᠤᠯᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ ᠤᠨ ᠬᠤᠪᠢᠷᠠᠯᠲᠠ ᠶᠢ ᠨᠢᠭᠲᠡ ᠠᠩᠬᠠᠷᠴᠤ᠂ ᠮᠡᠳᠡᠭᠡ ᠵᠠᠩᠭᠢ ᠳᠠᠮᠵᠢᠭᠤᠯᠵᠤ ᠪᠠᠭᠤᠯᠭᠠᠬᠤ ᠠᠵᠢᠯ ᠢ ᠴᠠᠭ ᠲᠤᠬᠠᠢ ᠳᠤᠨᠢ ᠰᠠᠶᠢᠲᠤᠷ ᠬᠢᠵᠦ᠂ ᠦᠶᠡᠷ ᠢ ᠰᠡᠷᠭᠡᠶᠢᠯᠡᠬᠦ ᠠᠵᠢᠯ ᠤᠨ ᠵᠢᠭᠠᠪᠤᠷᠢ ᠶᠢᠨ ᠰᠠᠭᠠᠳ ᠦᠭᠡᠢ ᠨᠡᠪᠲᠡᠷᠡᠬᠦ ᠶᠢ ᠦᠨᠡᠨᠬᠦ ᠪᠠᠲᠤᠯᠠᠬᠤ ᠬᠡᠷᠡᠭᠲᠡᠢ᠃       ᠳᠠᠷᠠᠭᠠᠴᠢ ᠶᠢᠨ ᠠᠯᠬᠤᠮ ᠳᠤ ᠬᠤᠵᠢᠷᠲᠤ ᠰᠢᠶᠠᠩ ᠦᠶᠡᠷ ᠤᠨ ᠬᠤᠭᠤᠴᠠᠭᠠᠨ ᠤ ᠳᠠᠬᠢᠨ ᠪᠠᠶᠢᠴᠠᠭᠠᠯᠲᠠ ᠬᠢᠵᠦ᠂ ᠴᠠᠭ ᠠᠭᠤᠷ ᠤᠨ ᠬᠤᠪᠢᠷᠠᠯᠲᠠ ᠶᠢ ᠨᠢᠮᠪᠠᠢ ᠠᠩᠬᠠᠷᠴᠤ᠂ ᠴᠠᠭ ᠠᠭᠤᠷ ᠤᠨ ᠰᠡᠷᠡᠮᠵᠢ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠪᠡᠯᠡᠳᠬᠡᠯ ᠲᠠᠢ᠂ ᠰᠤᠯᠠᠷᠠᠭᠤᠯᠤᠯ ᠥᠬᠡᠢ ᠪᠠᠶᠢᠩᠭᠤ ᠪᠡᠯᠡᠳᠬᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠵᠤ ᠴᠢᠳᠠᠨ᠎ᠠ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2