ᠵᠠᠩᠭᠠᠨ ᠰᠤᠮᠤ 2024 ᠣᠨ ᠤ ᠭᠤᠷᠪᠠᠳᠤᠭᠠᠷ ᠤᠯᠠᠷᠢᠯ ᠤᠨ ᠶᠠᠳᠠᠭᠤ ᠠᠴᠠ ᠠᠩᠭᠢᠵᠢᠷᠠᠭᠤᠯᠬᠤ ᠬᠢᠨᠠᠨ ᠬᠡᠮᠵᠢᠬᠦ ᠬᠠᠪᠰᠤᠷᠤᠨ ᠲᠡᠳᠬᠦᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/27
      ᠵᠠᠩᠭᠠᠨ ᠰᠤᠮᠤ 2024 ᠣᠨ ᠤ ᠭᠤᠷᠪᠠᠳᠤᠭᠠᠷ ᠤᠯᠠᠷᠢᠯ ᠤᠨ ᠶᠠᠳᠠᠭᠤ ᠠᠴᠠ ᠠᠩᠭᠢᠵᠢᠷᠠᠭᠤᠯᠬᠤ ᠬᠢᠨᠠᠨ ᠬᠡᠮᠵᠢᠬᠦ ᠬᠠᠪᠰᠤᠷᠤᠨ ᠲᠡᠳᠬᠦᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ       ᠣᠶᠢᠷ᠎ᠠ ᠳᠤ᠂ ᠵᠠᠩᠭᠠᠨ ᠰᠤᠮᠤ ᠨᠢᠭᠡᠳᠦᠭᠡᠷ ᠳᠠᠪᠬᠤᠷᠯᠢᠭ ᠤᠨ ᠬᠤᠷᠠᠯ ᠤᠨ ᠭᠡᠷ ᠲᠤ᠂ 2024 ᠣᠨ ᠤ ᠭᠤᠷᠪᠠᠳᠤᠭᠠᠷ ᠤᠯᠠᠷᠢᠯ ᠤᠨ  ᠶᠠᠳᠠᠭᠤ ᠠᠴᠠ ᠠᠩᠭᠢᠵᠢᠷᠠᠭᠤᠯᠬᠤ ᠠᠵᠢᠯᠯᠠᠭ᠎ᠠ ᠶᠢ ᠬᠢᠨᠠᠨ ᠬᠡᠮᠵᠢᠬᠦ ᠬᠠᠪᠰᠤᠷᠤᠨ ᠲᠡᠳᠬᠦᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠢᠵᠡᠢ᠃ᠵᠠᠩᠠᠨ ᠰᠤᠮᠤ ᠶᠢᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠭᠠᠴᠠᠭ᠎ᠠ ᠪᠠ ᠪᠤᠤ ᠪᠠᠭ ᠤᠨ ᠤᠳᠤᠷᠢᠳᠤᠯᠭ᠎ᠠ᠂ ᠨᠠᠮ ᠤᠨ ᠡᠭᠦᠷ ᠤᠨ ᠱᠦᠵᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠬᠤᠷᠠᠯ ᠳᠤ ᠣᠷᠣᠯᠴᠠᠵᠠᠢ᠃
8.22.jpg
      ᠬᠤᠷᠠᠯ ᠳᠡᠭᠡᠷ᠎ᠡ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠨᠢ ᠢᠯᠭᠠᠨ ᠲᠠᠨᠢᠬᠤ ᠶᠠᠪᠤᠳᠠᠯ ᠢ ᠪᠠᠷᠢᠮᠵᠢᠶ᠎ᠠ ᠪᠠ ᠳᠡᠰ ᠳᠠᠷᠠᠭᠠᠯᠠᠯ᠂ ᠲᠦᠭᠰᠢᠭᠦᠷᠢ ᠶᠢ ᠠᠷᠢᠯᠭᠠᠬᠤ ᠪᠠᠷᠢᠮᠵᠢᠶ᠎ᠠ ᠪᠠ ᠳᠡᠰ ᠳᠠᠷᠠᠭᠠᠯᠠᠯ᠂ ᠣᠷᠣᠯᠭ᠎ᠠ ᠶᠢ ᠪᠣᠳᠣᠬᠤ ᠵᠢᠴᠢ 《 ᠬᠤᠶᠠᠷ ᠢ ᠵᠣᠪᠠᠭ᠋ᠤ ᠦᠭᠡᠢ ᠭᠤᠷᠪᠠ ᠶᠢ ᠪᠠᠲᠤᠯᠠᠬᠤ 》 ᠵᠢᠴᠢ ᠤᠤᠭᠤᠬᠤ ᠤᠰᠤᠨ ᠤ ᠠᠮᠤᠷ ᠲᠦᠪᠰᠢᠨ ᠪᠠ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠭᠤᠷᠪᠠᠳᠤᠭᠠᠷ ᠤᠯᠠᠷᠢᠯ ᠤᠨ ᠳᠠᠬᠢᠨ ᠶᠠᠳᠠᠭᠤᠷᠠᠬᠤ ᠶᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠠᠵᠢᠯ ᠳᠤ ᠪᠠᠶᠢᠷᠢᠯᠠᠭᠤᠯᠤᠯᠲᠠ ᠬᠢᠪᠡ᠃ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠬᠤᠶᠠᠳᠤᠭᠠᠷ ᠤᠯᠠᠷᠢᠯ ᠤᠨ ᠶᠠᠳᠠᠭᠤ ᠶᠢ ᠲᠡᠳᠬᠦᠵᠦ ᠰᠢᠯᠭᠠᠨ ᠪᠠᠶᠢᠴᠠᠭᠠᠭᠳᠠᠭᠴᠢ ᠶᠢᠨ ᠪᠠᠶᠢᠳᠠᠯ ᠢ ᠣᠶᠢᠯᠠᠭᠠᠨ ᠮᠡᠳᠡᠭᠦᠯᠵᠦ᠂ ᠬᠢᠨᠠᠨ ᠬᠡᠮᠵᠢᠭᠰᠡᠨ ᠡᠷᠦᠬᠡ ᠶᠢᠨ ᠨᠡᠮᠡᠭᠳᠡᠵᠦ ᠬᠠᠰᠤᠭᠳᠠᠭᠰᠠᠨ ᠭᠡᠷ ᠪᠦᠯᠢ ᠶᠢᠨ ᠪᠠᠶᠢᠳᠠᠯ᠂ ᠲᠦᠭᠰᠢᠭᠦᠷᠢ ᠶᠢ ᠠᠷᠢᠯᠭᠠᠬᠤ ᠨᠡᠷᠡᠰ ᠵᠡᠷᠭᠡ ᠶᠢ ᠨᠢᠭᠡᠳ ᠨᠢᠭᠡ ᠪᠠᠷ ᠵᠠᠳᠠᠯᠤᠨ ᠰᠤᠳᠤᠯᠵᠤ ᠮᠠᠭᠠᠳᠯᠠᠬᠤ ᠶᠢᠨ ᠬᠠᠮᠲᠤ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠳᠤᠷᠠᠳᠤᠨ ᠭᠠᠷᠭᠠᠭᠰᠠᠨ ᠪᠠᠶᠢᠨ᠎ᠠ᠃       ᠬᠤᠷᠠᠯ ᠠᠴᠠ ᠂ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠃ ᠡᠯ᠎ᠡ ᠭᠠᠴᠠᠭ᠎ᠠ ᠨᠢ ᠦᠵᠡᠯ ᠰᠠᠨᠠᠭ᠎ᠠ ᠲᠠᠨᠢᠯᠲᠠ ᠪᠠ ᠠᠵᠢᠯ ᠤᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠶᠠᠳᠠᠭᠤ ᠶᠢ ᠰᠡᠷᠭᠡᠶᠢᠯᠡᠵᠦ ᠬᠢᠨᠠᠨ ᠪᠠᠶᠢᠴᠠᠭᠠᠬᠤ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠤᠯᠠᠮ ᠴᠢᠩᠭᠠᠳᠬᠠᠵᠤ᠂ ᠬᠢᠨᠠᠨ ᠪᠠᠶᠢᠴᠠᠭᠠᠬᠤ ᠪᠠ ᠬᠠᠪᠰᠤᠷᠤᠨ ᠲᠡᠳᠬᠦᠬᠦ ᠠᠵᠢᠯ ᠢᠶᠠᠨ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠪᠴᠢᠲᠠᠢ ᠬᠢᠵᠦ᠂ ᠬᠦᠯᠢᠶᠡᠨ ᠠᠪᠬᠤ ᠴᠢᠬᠤᠯᠠᠲᠠᠢ ᠴᠤ ᠵᠣᠬᠢᠰᠲᠠᠢ ᠳᠠᠯᠳᠠ ᠭᠡᠮ ᠰᠣᠭᠤᠭ ᠦᠯᠡᠳᠡᠭᠡᠬᠦ ᠦᠭᠡᠢ ᠪᠠᠶᠢᠬᠤ ᠶᠢ ᠪᠠᠲᠤᠯᠠᠨ᠎ᠠ᠃ ᠬᠤᠶᠠᠷ ᠲᠤ᠂ ᠠᠵᠢᠯ ᠤᠨ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ᠡᠯ᠎ᠡ ᠭᠠᠴᠠᠭ᠎ᠠ ᠨᠢ ᠬᠠᠷᠠᠯᠲᠠ ᠶᠢᠨ ᠤᠳᠤᠷᠢᠳᠤᠮᠵᠢ ᠪᠠ ᠦᠷ᠎ᠡ ᠳ᠋ᠦ᠋ᠩ ᠤᠨ ᠤᠳᠤᠷᠢᠳᠤᠮᠵᠢ ᠶᠢ ᠪᠠᠷᠢᠮᠲᠠᠯᠠᠨ᠂ ᠤᠯᠤᠰ ᠪᠠ ᠲᠣᠭᠤᠷᠢᠭ᠂ ᠬᠤᠲᠠ᠂ ᠬᠤᠰᠢᠭᠤᠨ ᠤ ᠣᠨ ᠤ ᠬᠢᠨᠠᠨ ᠰᠢᠯᠭᠠᠬᠤ ᠠᠭᠤᠯᠭ᠎ᠠ ᠪᠠ ᠭᠦᠢᠴᠡᠳᠬᠡᠯ ᠲᠤᠭ᠎ᠠ ᠲᠠᠢ ᠬᠠᠷᠢᠴᠠᠭᠤᠯᠵᠤ᠂ ᠲᠤᠰ ᠤᠯᠠᠷᠢᠯ ᠳᠤ ᠲᠥᠪᠯᠡᠷᠡᠭᠦᠯᠦᠨ ᠬᠢᠨᠠᠨ ᠬᠡᠮᠵᠢᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠭᠤᠷᠪᠠ ᠳᠤ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠭᠠᠴᠠᠭᠠᠨ ᠤ ᠨᠢᠭᠡᠳᠦᠭᠡᠷ ᠱᠦᠵᠢ ᠪᠣᠭᠤᠮᠲᠠ ᠶᠢ ᠴᠢᠩᠭ᠎ᠠ ᠰᠠᠬᠢᠵᠤ᠂ ᠣᠷᠣᠯᠭ᠎ᠠ ᠨᠢ ᠪᠠᠭᠤᠷᠠᠭᠰᠠᠨ ᠪᠤᠶᠤ ᠡᠰᠡᠬᠦᠯ᠎ᠡ ᠳᠠᠬᠢᠨ ᠶᠠᠳᠠᠭᠤᠷᠠᠬᠤ ᠠᠶᠤᠯ ᠲᠠᠢ ᠪᠠᠶᠢᠬᠤ ᠶᠢ ᠢᠯᠡᠷᠡᠭᠦᠯᠦᠭᠰᠡᠨ ᠡᠷᠦᠬᠡ ᠳᠤ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠠᠷᠭ᠎ᠠ ᠰᠦᠪᠡᠭᠴᠢᠯᠡᠨ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠲᠣᠭᠲᠠᠭᠤᠨ ᠢ ᠪᠠᠲᠤᠯᠠᠵᠤ᠂ ᠬᠡᠪᠴᠢᠶᠡᠵᠢᠯ ᠤᠨ ᠴᠢᠨᠠᠷᠲᠠᠢ ᠳᠠᠬᠢᠨ ᠶᠠᠳᠠᠭᠤᠷᠠᠬᠤ ᠦᠵᠡᠭᠳᠡᠯ ᠡᠭᠦᠰᠬᠦ ᠶᠢ ᠴᠢᠩᠭ᠎ᠠ ᠰᠡᠷᠭᠡᠶᠢᠯᠡᠨ᠎ᠡ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2