ᠮᠠᠨ ᠤ ᠬᠤᠰᠢᠭᠤ ᠨᠠᠢᠮᠠᠳᠠᠭᠢ ᠪᠦᠬᠦ ᠤᠯᠤᠰ ᠤᠨ  ᠵᠡᠮᠳᠡᠭ ᠠᠴᠠ ᠰᠡᠷᠭᠡᠶᠢᠯᠡᠬᠦ ᠡᠳᠦᠷ  ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠦᠷᠨᠢᠭᠦᠯᠦᠭᠰᠡᠨ
ᠨᠡᠶᠢᠲᠡᠯᠡᠭᠰᠡᠨ ᠴᠠᠭ᠄
2024/8/27
      ᠮᠠᠨ ᠤ ᠬᠤᠰᠢᠭᠤ ᠨᠠᠢᠮᠠᠳᠠᠭᠢ ᠪᠦᠬᠦ ᠤᠯᠤᠰ ᠤᠨ   ᠵᠡᠮᠳᠡᠭ ᠠᠴᠠ ᠰᠡᠷᠭᠡᠶᠢᠯᠡᠬᠦ ᠡᠳᠦᠷ  ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠦᠷᠨᠢᠭᠦᠯᠦᠭᠰᠡᠨ              ᠡᠨᠡ ᠵᠢᠯ ᠤᠨ 8 ᠰᠠᠷ᠎ᠠ ᠶᠢᠨ 25 ᠤ ᠡᠳᠦᠷ ᠪᠣᠯ ᠪᠦᠬᠦ ᠤᠯᠤᠰ ᠤᠨ ᠨᠠᠢᠮᠠᠳᠠᠭᠢ ᠵᠡᠮᠳᠡᠭ ᠠᠴᠠ ᠰᠡᠷᠭᠡᠶᠢᠯᠡᠬᠦ ᠡᠳᠦᠷ ᠪᠣᠯᠤᠨ᠎ᠠ᠂ ᠪᠦᠬᠦ ᠬᠤᠰᠢᠭᠤᠨ ᠤ ᠰᠠᠭᠤᠭᠠᠯᠢ ᠠᠷᠠᠳ ᠤᠨ ᠵᠡᠮᠳᠡᠭ ᠠᠴᠠ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂  ᠵᠡᠮᠳᠡᠭ ᠠᠴᠠ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠬᠦ ᠶᠢᠨ ᠲᠥᠯᠥᠭᠡ᠂ ᠮᠠᠨ ᠤ ᠬᠤᠰᠢᠭᠤ《ᠡᠪᠡᠳᠴᠢᠨ ᠡᠮᠬᠡᠭ ᠠᠴᠠ ᠪᠤᠯᠵᠤ ᠵᠡᠮᠳᠡᠭ ᠠᠴᠠ ᠰᠡᠷᠭᠡᠶᠢᠯᠡᠬᠦ ᠡᠷᠡᠭᠦᠯ ᠠᠮᠢᠳᠤᠷᠠᠯ ᠢ ᠡᠳ᠋ᠯᠡᠬᠦ 》 ᠪᠠᠷ ᠭᠤᠣᠯ ᠰᠡᠳᠦᠪ ᠪᠣᠯᠭᠠᠭᠰᠠᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠵᠡᠢ᠃       ᠠᠵᠢᠯᠯᠠᠭ᠎ᠠ ᠳᠤᠮᠳᠠ᠂ ᠠᠵᠢᠯᠲᠠᠳ《ᠵᠡᠮᠳᠡᠭ ᠠᠴᠠ ᠰᠡᠷᠭᠡᠶᠢᠯᠡᠬᠦ ᠮᠡᠳᠡᠯᠭᠡ ᠶᠢᠨ ᠭᠠᠷ ᠳᠡᠪᠲᠡᠷ》 ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠣᠯᠠᠨ ᠲᠦᠮᠡᠨ ᠳᠤ ᠲᠠᠷᠢᠬᠢ ᠴᠢᠰᠤᠨ ᠰᠤᠳᠠᠯ ᠤᠨ ᠡᠪᠡᠳᠴᠢᠨ᠂ ᠵᠢᠷᠦᠬᠡ ᠴᠢᠰᠤᠨ ᠰᠤᠳᠠᠯ ᠤᠨ ᠡᠪᠡᠳᠴᠢᠨ᠂ ᠰᠢᠬᠢᠷ ᠰᠢᠵᠢᠩ ᠡᠪᠡᠳᠴᠢᠨ ᠵᠡᠷᠭᠡ ᠦᠷᠭᠦᠯᠵᠢ ᠲᠣᠬᠢᠶᠠᠯᠳᠤᠳᠠᠭ ᠵᠡᠮᠳᠡᠭ ᠪᠣᠯᠬᠤ ᠡᠪᠡᠳᠴᠢᠨ ᠤ ᠰᠢᠯᠲᠠᠭᠠᠨ᠂ ᠡᠪᠡᠳᠴᠢᠨ ᠤ ᠪᠠᠶᠢᠳᠠᠯ ᠵᠢᠴᠢ ᠬᠤᠣᠷ ᠬᠥᠨᠥᠭᠡᠯ ᠢ ᠲᠦᠭᠡᠮᠡᠯᠵᠢᠭᠦᠯᠵᠦ᠂ ᠣᠯᠠᠨ ᠲᠦᠮᠡᠨ ᠢ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠲᠠᠢ ᠪᠣᠯᠭᠠᠵᠤ᠂ ᠡᠪᠡᠳᠴᠢᠨ ᠡᠮᠬᠡᠭ ᠠᠴᠠ ᠵᠠᠶᠢᠯᠠᠬᠤ ᠶᠢ ᠤᠷᠢᠶᠠᠯᠠᠵᠠᠢ᠃       ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠡᠮᠨᠡᠯᠭᠡ ᠶᠢᠨ ᠠᠵᠢᠯᠲᠠᠨ ᠠᠴᠠ ᠪᠠᠰᠠ ᠰᠠᠭᠤᠭᠠᠯᠢ ᠠᠷᠠᠳ ᠲᠤ ᠴᠢᠰᠤᠨ ᠳᠠᠷᠤᠯᠲᠠ ᠪᠠ ᠴᠢᠰᠤᠨ ᠰᠢᠬᠢᠷ ᠢ ᠬᠡᠮᠵᠢᠨ᠂ ᠴᠢᠰᠤᠨ ᠳᠠᠷᠤᠯᠲᠠ ᠪᠠ ᠴᠢᠰᠤᠨ ᠰᠢᠬᠢᠷ ᠤᠨ ᠭᠦᠢᠴᠡᠳᠬᠡᠯ ᠲᠤᠭ᠎ᠠ ᠨᠢ ᠬᠡᠪ ᠤᠨ ᠪᠤᠰᠤ ᠰᠠᠭᠤᠭᠠᠯᠢ ᠠᠷᠠᠳ ᠲᠤ ᠡᠪᠡᠳᠴᠢᠨ ᠦᠵᠡᠭᠦᠯᠬᠦ ᠵᠢᠯᠣᠭᠤᠳᠤᠯᠭ᠎ᠠ ᠪᠠ ᠠᠮᠢᠳᠤᠷᠠᠯ ᠤᠨ ᠵᠠᠩ ᠳᠠᠳᠬᠠᠯ ᠢᠶᠠᠨ ᠰᠠᠶᠢᠵᠢᠷᠠᠭᠤᠯᠬᠤ ᠰᠠᠨᠠᠭᠤᠯᠭ᠎ᠠ ᠬᠠᠩᠭᠠᠵᠠᠢ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄  ᠰᠦᠩ ᠰᠢᠶᠣᠣ ᠢᠦᠢ     ᠨᠠᠬᠢᠶ᠎ᠠ  ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2