ᠰᠢ ᠶᠢᠨ ᠫᠢᠩ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠤᠯᠤᠰ ᠤᠨ | ᠲᠡᠷᠢᠭᠦᠯᠡᠭᠴᠢ ᠰᠦ ᠯᠢᠨ ᠲᠠᠢ ᠬᠡᠯᠡᠯᠴᠡᠭᠡ ᠬᠢᠪᠡ | ᠰᠢᠨᠬᠤᠸᠠ ᠬᠤᠷᠢᠶ᠎ᠠ ᠶᠢᠨ ᠪᠡᠭᠡᠵᠢᠩ ᠤᠨ 8 ᠰᠠᠷ᠎ᠠ ᠶᠢᠨ 19 ᠤ ᠴᠠᠭᠢᠯᠭᠠᠨ ᠮᠡᠳᠡᠭᠡ 8 ᠰᠠᠷ᠎ᠠ ᠶᠢᠨ 19 ᠤ ᠡᠳᠦᠷ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠥᠷᠥ ᠶᠢᠨ | ᠶᠠᠪᠤᠳᠠᠯ ᠤᠨ ᠠᠶ᠋ᠢᠯᠴᠢᠯᠠᠯᠲᠠ ᠬᠢᠬᠦ ᠪᠠᠷ ᠢᠷᠡᠭᠰᠡᠨ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ | ᠱᠦᠵᠢ᠂ ᠤᠯᠤᠰ ᠤᠨ ᠲᠡᠷᠢᠭᠦᠯᠡᠭᠴᠢ ᠰᠦ ᠯᠢᠨ ᠲᠠᠢ ᠬᠡᠯᠡᠯᠴᠡᠭᠡ ᠬᠢᠪᠡ᠃ | | | | | | | 8 ᠰᠠᠷ᠎ᠠ ᠶᠢᠨ 19 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ | ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠸᠢᠶᠧᠳ᠋ᠨᠠᠮ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠦ ᠯᠢᠨ ᠲᠠᠢ ᠬᠡᠯᠡᠯᠴᠡᠭᠡ ᠬᠢᠪᠡ᠃ | ᠵᠢᠷᠤᠭ ᠪᠣᠯ ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠰᠦ ᠯᠢᠨ ᠪᠣᠯᠣᠨ | ᠲᠡᠭᠦᠨ ᠤ ᠬᠠᠳᠤᠨ ᠦ᠋ ᠹᠠᠩ ᠯᠢ ᠲᠠᠢ ᠬᠠᠮᠲᠤ ᠭᠡᠷᠡᠯ ᠵᠢᠷᠤᠭ ᠲᠠᠲᠠᠭᠤᠯᠵᠤ ᠪᠠᠶᠢᠭ᠎ᠠ᠃ ︵ᠰᠢᠨᠬᠤᠸᠠ ᠬᠤᠷᠢᠶ᠎ᠠ ᠶᠢᠨ | ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ︶ | ᠰᠢ ᠶᠢᠨ ᠫᠢᠩ ᠰᠦ ᠯᠢᠨ ᠤ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠪᠠᠷ | ᠰᠣᠩᠭᠤᠭᠳᠠᠭᠰᠠᠨ ᠳᠤ ᠳᠠᠬᠢᠨᠲᠠ ᠪᠠᠶᠠᠷ ᠬᠦᠷᠭᠡᠪᠡ᠃ ᠰᠢ ᠶᠢᠨ ᠫᠢᠩ᠂ ᠲᠠ ᠶᠡᠷᠦᠩᠬᠡᠢ ᠱᠦᠵᠢ ᠶᠢᠨ ᠲᠤᠰᠢᠶᠠᠯ ᠢ | ᠡᠭᠦᠷᠭᠡᠯᠡᠭᠰᠡᠨ ᠤ ᠳᠠᠷᠠᠭ᠎ᠠ ᠠᠩᠬ᠎ᠠ ᠤᠳᠠᠭ᠎ᠠ ᠠᠶᠢᠯᠴᠢᠯᠠᠯᠲᠠ ᠬᠢᠬᠦ ᠳᠡᠭᠡᠨ ᠳᠤᠮᠳᠠᠳᠤ ᠤᠯᠤᠰ ᠲᠤ ᠢᠷᠡᠭᠰᠡᠨ ᠬᠤᠶᠠᠷ ᠨᠠᠮ | ᠬᠤᠶᠠᠷ ᠤᠯᠤᠰ ᠤᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠭᠦᠢᠴᠡᠳ ᠬᠠᠷᠠᠭᠤᠯᠵᠤ᠂ | ᠪᠠᠰᠠ ᠳᠤᠮᠳᠠᠳᠤ ᠸᠢᠶᠧᠳ᠋ᠨᠠᠮ ᠤᠨ ᠬᠠᠷᠢᠯᠴᠠᠭ᠎ᠠ ᠶᠢᠨ ᠥᠨᠳᠥᠷ ᠲᠦᠪᠰᠢᠨ ᠪᠣᠯᠣᠨ ᠪᠠᠶᠢᠯᠳᠤᠬᠤ ᠪᠣᠳᠣᠯᠭ᠎ᠠ ᠶᠢᠨ ᠴᠢᠨᠠᠷ ᠢ | ᠬᠠᠷᠠᠭᠤᠯᠪᠠ᠃ ᠬᠠᠮᠲᠤ ᠶᠢᠨ ᠬᠦᠰᠡᠯᠡᠩ ᠢᠲᠡᠭᠡᠯ ᠪᠢᠰᠢᠷᠡᠯ ᠪᠣᠯ ᠳᠤᠮᠳᠠᠳᠤ ᠸᠢᠶᠧᠳ᠋ᠨᠠᠮ ᠤᠨ ᠬᠤᠶᠠᠷ ᠨᠠᠮ ᠤᠨ ᠦᠶ᠎ᠡ ᠶᠢᠨ | ᠦᠶ᠎ᠡ ᠳᠡᠭᠡᠨ ᠤᠯᠠᠮᠵᠢᠯᠠᠵᠤ ᠢᠷᠡᠭᠰᠡᠨ ᠬᠤᠪᠢᠰᠬᠠᠯᠲᠤ ᠤᠳᠤᠮᠰᠢᠯ ᠮᠥᠨ᠂ ︽ᠸᠢᠶᠧᠳ᠋ᠨᠠᠮ ᠳᠤᠮᠳᠠᠳᠤ ᠶᠢᠨ ᠨᠥᠬᠦᠷᠯᠡᠯ ᠭᠦᠨ | ᠵᠤᠵᠠᠭᠠᠨ᠂ ᠨᠥᠬᠦᠷ ᠪᠥᠭᠡᠳ ᠠᠬ᠎ᠠ ᠳᠡᠭᠦᠦ ᠪᠤᠯᠬᠤ︾ ᠤᠯᠠᠮᠵᠢᠯᠠᠯᠲᠤ ᠨᠥᠬᠦᠷᠯᠡᠯ ᠪᠣᠯᠵᠤ ᠪᠦᠷᠢᠯᠳᠦᠵᠡᠢ᠃ ᠣᠳᠣᠬᠠᠨ ᠤ | ᠳᠡᠯᠡᠬᠡᠢ ᠳᠡᠭᠡᠷᠡᠬᠢ ᠬᠤᠶᠠᠷ ᠲᠥᠷᠥ ᠪᠠᠷᠢᠭᠴᠢ ᠡᠪ ᠬᠠᠮᠲᠤ ᠨᠠᠮ ᠪᠣᠯᠤᠭᠰᠠᠨ ᠤ ᠬᠤᠪᠢ ᠳᠤ᠂ ᠳᠤᠮᠳᠠᠳᠤ ᠸᠢᠶᠧᠳ᠋ᠨᠠᠮ ᠤᠨ | ᠬᠤᠶᠠᠷ ᠨᠠᠮ ᠨᠥᠭᠦᠷᠰᠡᠭ ᠤᠭ ᠰᠠᠨᠠᠭ᠎ᠠ ᠪᠠᠨ ᠪᠠᠷᠢᠮᠲᠠᠯᠠᠵᠤ᠂ ᠤᠯᠠᠮᠵᠢᠯᠠᠯᠲᠤ ᠨᠥᠬᠦᠷᠯᠡᠯ ᠢᠶᠠᠨ ᠦᠷᠭᠦᠯᠵᠢᠯᠡᠭᠦᠯᠵᠦ᠂ | ᠬᠠᠮᠲᠤ ᠶᠢᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠪ ᠬᠠᠮᠲᠤ ᠨᠠᠮ ᠤᠨ ᠤᠳᠤᠷᠢᠳᠤᠯᠭ᠎ᠠ ᠪᠣᠯᠣᠨ ᠨᠡᠶᠢᠭᠡᠮ | ᠵᠢᠷᠤᠮ ᠤᠨ ᠪᠠᠶᠢᠭᠤᠯᠤᠯ ᠢ ᠪᠠᠷᠢᠮᠲᠠᠯᠠᠵᠤ᠂ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠳᠤᠮᠳᠠᠳᠤ | ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠳᠡᠯᠡᠬᠡᠢ ᠶᠢᠨ ᠨᠡᠶᠢᠭᠡᠮ ᠵᠢᠷᠤᠮ ᠤᠨ ᠦᠢᠯᠡᠰ ᠤᠨ ᠬᠥᠭᠵᠢᠯᠲᠡ ᠶᠢ ᠬᠠᠮᠲᠤ ᠪᠠᠷ ᠠᠬᠢᠭᠤᠯᠤᠶ᠎ᠠ᠃ ᠪᠢ ᠳᠤᠷᠠᠲᠠᠶ᠎ᠠ ᠰᠦ ᠯᠢᠨ | ᠨᠥᠬᠦᠷ ᠲᠠᠢ ᠰᠠᠶᠢᠨ ᠰᠠᠶᠢᠬᠠᠨ ᠠᠵᠢᠯ ᠤᠨ ᠬᠠᠷᠢᠴᠠᠭ᠎ᠠ ᠪᠣᠯᠣᠨ ᠬᠤᠪᠢ ᠬᠥᠮᠥᠨ ᠤ ᠨᠥᠬᠦᠷᠯᠡᠯ ᠢ ᠪᠠᠶᠢᠭᠤᠯᠵᠤ ᠳᠤᠮᠳᠠᠳᠤ | ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠭᠦᠨᠵᠡᠭᠡᠶᠢᠷᠡᠨ ᠪᠤᠲᠠᠲᠠᠶᠢᠵᠢᠬᠤ ᠶᠢ | ᠬᠠᠮᠲᠤ ᠪᠠᠷ ᠬᠥᠲᠥᠯᠥᠨ ᠳᠠᠭᠠᠭᠤᠯᠤᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠡᠯᠡᠬᠡᠢ ᠶᠢᠨ ᠬᠤᠪᠢᠷᠠᠯᠲᠠ᠂ ᠴᠠᠭ ᠦᠶ᠎ᠡ ᠶᠢᠨ ᠬᠤᠪᠢᠷᠠᠯᠲᠠ᠂ ᠲᠡᠦᠬᠡ ᠶᠢᠨ ᠬᠤᠪᠢᠷᠠᠯᠲᠠ ᠶᠢᠨ | ᠡᠮᠦᠨ᠎ᠡ᠂ ᠳᠤᠮᠳᠠᠳᠤ ᠸᠢᠶᠧᠳ᠋ᠨᠠᠮ ᠬᠤᠶᠠᠷ ᠤᠯᠤᠰ ᠠᠵᠤ ᠠᠬᠤᠢ ᠶᠢᠨ ᠲᠦᠷᠭᠡᠨ ᠬᠥᠭᠵᠢᠯᠲᠡ ᠪᠣᠯᠣᠨ ᠨᠡᠶᠢᠭᠡᠮ ᠤᠨ ᠤᠷᠳᠤ | ᠬᠤᠭᠤᠴᠠᠭᠠᠨ ᠤ ᠲᠣᠭᠲᠠᠭᠤᠨ ᠢ ᠪᠠᠲᠤᠯᠠᠵᠤ᠂ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠴᠢᠨᠠᠷ ᠪᠣᠯᠣᠨ | ᠨᠡᠶᠢᠭᠡᠮ ᠵᠢᠷᠤᠮ ᠤᠨ ᠦᠢᠯᠡᠰ ᠤᠨ ᠠᠮᠢᠵᠢᠷᠠᠯ ᠤᠨ ᠬᠦᠴᠦᠨ ᠢ ᠢᠯᠡᠷᠡᠭᠦᠯᠪᠡ᠃ ᠳᠤᠮᠳᠠᠳᠤ ᠤᠯᠤᠰ ᠸᠢᠶᠧᠳ᠋ᠨᠠᠮ ᠢ ᠡᠷᠭᠢᠨ | ᠲᠣᠭᠤᠷᠢᠨ ᠤ ᠭᠠᠳᠠᠭᠠᠳᠤ ᠬᠠᠷᠢᠯᠴᠠᠭᠠᠨ ᠤ ᠪᠠᠨ ᠤᠷᠢᠳ ᠢᠶᠠᠷ ᠪᠣᠳᠣᠯᠬᠢᠯᠠᠬᠤ ᠴᠢᠭᠯᠡᠯ ᠪᠤᠯᠭᠠᠵᠤ᠂ ᠸᠢᠶᠧᠳ᠋ᠨᠠᠮ ᠤᠨ | ᠨᠠᠮ ᠤᠨ ᠤᠳᠤᠷᠢᠳᠤᠯᠭ᠎ᠠ ᠪᠠᠨ ᠪᠠᠷᠢᠮᠲᠠᠯᠠᠵᠤ᠂ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠨᠡᠶᠢᠭᠡᠮ ᠵᠢᠷᠤᠮ ᠤᠨ | ᠵᠠᠮ ᠢᠶᠠᠷ ᠵᠠᠮᠨᠠᠵᠤ᠂ ᠰᠢᠨᠡᠴᠢᠯᠡᠯᠲᠡ ᠨᠡᠭᠡᠭᠡᠯᠲᠡ ᠪᠣᠯᠣᠨ ᠨᠡᠶ᠋ᠢᠭᠡᠮ ᠵᠢᠷᠤᠮ ᠤᠨ ᠣᠳᠣᠬᠢᠴᠢᠯᠠᠯᠲᠠ ᠶᠢᠨ ᠦᠢᠯᠡᠰ ᠢᠶᠠᠨ | ᠭᠦᠨᠵᠡᠭᠡᠢ ᠠᠬᠢᠭᠤᠯᠬᠤ ᠶᠢ ᠳᠡᠮᠵᠢᠨ᠎ᠠ᠃ ᠲᠤᠰ ᠲᠤᠰ ᠤᠨ ᠤᠯᠤᠰ ᠤᠨ ᠢᠶᠠᠨ ᠬᠥᠭᠵᠢᠯ ᠮᠠᠨᠳᠤᠯ ᠤᠨ ᠵᠠᠩᠭᠢᠯᠠᠭ᠎ᠠ ᠶᠢᠨ | ᠬᠤᠭᠤᠴᠠᠭᠠᠨ ᠳᠤ᠂ ᠳᠤᠮᠳᠠᠳᠤ ᠸᠢᠶᠧᠳ᠋ᠨᠠᠮ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ | ᠴᠢᠭᠯᠡᠯ ᠢ ᠣᠨᠣᠪᠴᠢᠲᠠᠶ ᠡᠵᠡᠮᠳᠡᠵᠦ᠂ ᠤᠯᠤᠰ ᠲᠥᠷᠥ ᠶᠢᠨ ᠢᠲᠡᠭᠡᠯᠴᠡᠭᠡ ᠨᠠᠩ ᠥᠨᠳᠥᠷ᠂ ᠠᠮᠤᠷ ᠲᠦᠪᠰᠢᠨ ᠤ | ᠬᠠᠮᠲᠤᠷᠠᠯᠴᠠᠭ᠎ᠠ ᠨᠠᠩ ᠪᠣᠳᠠᠲᠠᠢ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠨᠠᠩ ᠭᠦᠨᠵᠡᠭᠡᠢ᠂ ᠠᠷᠠᠳ ᠤᠨ ᠰᠠᠨᠠᠭᠠᠨ ᠤ | ᠰᠠᠭᠤᠷᠢ ᠨᠠᠩ ᠪᠠᠲᠤ᠂ ᠣᠯᠠᠨ ᠲᠠᠯ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠨᠠᠩ ᠴᠢᠩᠭ᠎ᠠ᠂ ᠵᠥᠷᠢᠯᠳᠦᠭᠡᠨ ᠢᠶᠠᠨ ᠨᠡᠩ | ᠰᠠᠶᠢᠨ ᠬᠠᠮᠢᠶᠠᠷᠤᠨ ᠡᠵᠡᠮᠳᠡᠵᠦ ᠰᠢᠢᠳᠪᠦᠷᠢᠯᠡᠬᠦ ︽ᠵᠢᠷᠭᠤᠭᠠᠨ ᠨᠠᠩ︾ ᠬᠥᠭᠵᠢᠯᠲᠡ ᠶᠢᠨ ᠪᠠᠶᠢᠷᠢᠰᠢᠯ ᠢ ᠪᠠᠬᠢᠵᠢᠭᠦᠯᠦᠶ᠎ᠡ᠃ | ᠳᠤᠮᠳᠠᠳᠤ ᠤᠯᠤᠰ ᠳᠤᠷᠠᠲᠠᠶ᠎ᠠ ᠸᠢᠶᠧᠳ᠋ᠨᠠᠮ ᠤᠨ ᠲᠠᠢ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠ ᠳᠡᠭᠡᠳᠦ | ᠳᠠᠪᠬᠤᠷᠭ᠎ᠠ ᠶᠢᠨ ᠶᠠᠪᠤᠯᠴᠠᠭ᠎ᠠ ᠪᠠᠨ ᠪᠠᠲᠤᠯᠠᠵᠤ᠂ ᠬᠠᠷᠢᠯᠴᠠᠨ ᠡᠷᠡᠰ ᠲᠡᠮᠵᠢᠵᠥ᠂ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠪᠣᠯᠣᠨ ︽ᠬᠤᠶᠠᠷ ᠬᠤᠩᠭᠢᠯ ᠨᠢᠭᠡ ᠲᠣᠭᠤᠷᠢᠭ︾ ᠤᠨ ᠪᠣᠷᠣ | ᠲᠥᠯᠥᠪ ᠢ ᠵᠣᠯᠭᠠᠭᠤᠯᠬᠤ ᠬᠠᠮᠲᠤᠷᠠᠯᠴᠠᠭ᠎ᠠ ᠶᠢ ᠢᠳᠡᠪᠬᠢᠲᠡᠢ ᠰᠦᠪᠡᠭᠴᠢᠯᠡᠨ ᠥᠷᠭᠡᠳᠬᠡᠵᠦ᠂ ᠲᠡᠮᠦᠷ ᠵᠠᠮ᠂ ᠲᠦᠷᠭᠡᠨ ᠤ | ᠵᠠᠰᠠᠮᠠᠯ ᠵᠠᠮ᠂ ᠪᠣᠭᠤᠮᠲᠠ ᠶᠢᠨ ᠰᠠᠭᠤᠷᠢ ᠲᠥᠬᠦᠭᠡᠷᠦᠮᠵᠢ ᠵᠡᠷᠭᠡ ︽ᠬᠠᠲᠠᠭᠤ ᠬᠤᠯᠪᠣᠯᠳᠤᠯ ᠨᠡᠪᠲᠡᠷᠡᠯᠴᠡᠯ︾ ᠢ | ᠲᠦᠷᠭᠡᠳᠬᠡᠨ ᠠᠬᠢᠭᠤᠯᠵᠤ᠂ ᠣᠶᠤᠨᠴᠢ ᠪᠣᠭᠤᠮᠲᠠ ᠶᠢᠨ ︽ᠵᠥᠭᠡᠯᠡᠨ ᠬᠤᠯᠪᠣᠯᠳᠤᠯ ᠨᠡᠪᠲᠡᠷᠡᠯᠴᠡᠯ︾ ᠢ ᠳᠡᠭᠡᠭᠰᠢᠯᠡᠭᠦᠯᠵᠦ᠂ | ᠠᠮᠤᠷ ᠲᠦᠪᠰᠢᠨ᠂ ᠲᠣᠭᠲᠠᠭᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠭᠠᠷ ᠬᠤᠯᠪᠣᠨ ᠴᠣᠭᠴᠠᠯᠠᠨ᠎ᠠ | ᠃ ᠳᠠᠷᠠᠭ᠎ᠠ ᠵᠢᠯ ᠳᠤᠮᠳᠠᠳᠤ ᠸᠢᠶᠧᠳ᠋ᠨᠠᠮ ᠤᠨ ᠬᠠᠷᠢᠯᠴᠠᠭ᠎ᠠ ᠪᠠᠶᠢᠭᠤᠯᠤᠯᠭᠰᠠᠨ 75 ᠵᠢᠯ ᠤᠨ ᠤᠢ ᠶᠢ ᠪᠡᠯᠭᠡᠯᠡᠬᠦ ᠪᠠᠷ ᠠᠵᠠ | ᠲᠣᠭᠢᠶᠠᠯ ᠪᠤᠯᠭᠠᠵᠤ᠂ ︽ᠳᠤᠮᠳᠠᠳᠤ ᠸᠢᠶᠧᠳ᠋ᠨᠠᠮ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ︾ ᠵᠡᠷᠭᠡ ᠰᠢᠷᠢᠰ | ᠠᠵᠢᠯᠯᠠᠭ᠎ᠠ ᠶᠢ ᠬᠠᠮᠲᠤ ᠪᠠᠷ ᠰᠠᠶᠢᠳᠤᠷ ᠡᠷᠭᠢᠯᠡᠵᠦ᠂ ᠬᠤᠶᠠᠷ ᠤᠯᠤᠰ ᠤᠨ ᠠᠷᠠᠳ ᠤᠨ ᠰᠠᠨᠠᠭᠠᠨ ᠤ ᠰᠠᠭᠤᠷᠢ ᠶᠢ | ᠪᠠᠬᠢᠵᠢᠭᠦᠯᠦᠶ᠎ᠡ᠃ ᠬᠤᠶᠠᠷ ᠲᠠᠯ᠎ᠠ ᠪᠠᠷ ᠢᠶᠠᠨ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠵᠡᠷᠭᠡ ᠤᠯᠠᠨ | ᠤᠯᠤᠰ ᠤᠨ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠶᠢ ᠪᠠᠷᠢᠮᠲᠠᠯᠠᠵᠤ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ | ᠤᠯᠠᠨ ᠲᠦᠢᠯᠵᠢᠯᠳᠡ᠂ ᠲᠦᠭᠡᠮᠡᠯ ᠬᠠᠷᠠᠭᠠᠯᠵᠠᠯᠳᠠᠢ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠵᠤ᠂ | ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠪᠣᠯᠣᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ | ᠲᠤᠰᠠ ᠶᠢ ᠬᠠᠮᠠᠭᠠᠯᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ | ᠠᠬᠢᠭᠤᠯᠤᠶ᠎ᠠ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠭᠤᠷᠪᠠᠳᠤᠭᠠᠷ ᠪᠦᠭᠦᠳᠡ ᠬᠤᠷᠠᠯ ᠤᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠵᠤ᠂ ᠳᠤᠮᠳᠠᠳᠤ ᠤᠯᠤᠰ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠥᠨᠳᠥᠷ ᠲᠦᠪᠰᠢᠨ ᠪᠦᠬᠦᠢ | ᠭᠠᠳᠠᠭᠠᠳᠤ ᠨᠡᠭᠡᠭᠡᠯᠲᠡ ᠶᠢ ᠠᠬᠢᠭᠤᠯᠬᠤ ᠸᠢᠶᠧᠳ᠋ᠨᠠᠮ ᠢ ᠪᠠᠭᠲᠠᠭᠠᠭᠰᠠᠨ ᠡᠯ᠎ᠡ ᠤᠯᠤᠰ ᠤᠨ ᠬᠥᠭᠵᠢᠯᠲᠡ ᠳᠤ ᠰᠢᠨ᠎ᠡ | ᠬᠥᠳᠡᠯᠭᠡᠬᠦ ᠬᠦᠴᠦᠨ᠂ ᠰᠢᠨ᠎ᠡ ᠠᠵᠠ ᠲᠣᠭᠢᠶᠠᠯ ᠠᠪᠴᠢᠷᠠᠬᠤ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠸᠢᠶᠧᠳ᠋ᠨᠠᠮ ᠤᠨ | ᠲᠠᠢ ᠨᠠᠮ ᠢ ᠵᠠᠰᠠᠵᠤ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ | ᠤᠯᠤᠰ ᠢ ᠵᠠᠰᠠᠬᠤ ᠰᠢᠰᠲ᠋ᠧᠮ ᠪᠣᠯᠣᠨ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠬᠠᠮᠲᠤ ᠪᠠᠷ | ᠳᠡᠭᠡᠭᠰᠢᠯᠡᠭᠦᠯᠵᠦ᠂ ᠣᠳᠣᠬᠢᠴᠢᠯᠠᠯᠲᠠ ᠲᠡᠶᠢᠰᠢ ᠬᠠᠮᠲᠤ ᠪᠠᠷ ᠤᠷᠤᠭᠰᠢᠯᠠᠶ᠎ᠠ ᠭᠡᠵᠦ ᠴᠢᠬᠤᠯᠠᠴᠢᠯᠠᠪᠠ᠃ | ᠰᠦ ᠯᠢᠨ᠂ ᠪᠢ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ ᠪᠣᠯᠤᠭᠰᠠᠨ ᠤ ᠬᠤᠪᠢ ᠳᠤ ᠠᠩᠬᠠᠳᠠᠭᠴᠢ ᠠᠶᠢᠯᠴᠢᠯᠠᠯᠲᠠ ᠪᠠᠷ ᠳᠤᠮᠳᠠᠳᠤ ᠤᠯᠤᠰ ᠲᠤ ᠢᠷᠡᠭᠰᠡᠨ | ᠸᠢᠶᠧᠳ᠋ᠨᠠᠮ ᠤᠨ ᠨᠠᠮ ᠪᠠ ᠵᠠᠰᠠᠭ ᠤᠨ ᠣᠷᠳᠣᠨ ᠤ ᠳᠤᠮᠳᠠᠳᠤ ᠤᠯᠤᠰ ᠯᠤᠭ᠎ᠠ ᠶᠢᠨ ᠬᠠᠷᠢᠯᠴᠠᠭᠠᠨ ᠤ ᠬᠥᠭᠵᠢᠯᠲᠡ ᠶᠢ | ᠢᠮᠠᠭᠲᠠ ᠴᠢᠬᠤᠯᠠᠴᠢᠯᠠᠭᠰᠠᠭᠠᠷ ᠢᠷᠡᠭᠰᠡᠨ ᠵᠣᠭᠰᠣᠯᠲᠠ᠂ ᠳᠤᠮᠳᠠᠳᠤ ᠤᠯᠤᠰ ᠢ ᠸᠢᠶᠧᠳ᠋ᠨᠠᠮ ᠤᠨ ᠭᠠᠳᠠᠭᠠᠳᠤ ᠲᠥᠷᠥ ᠶᠢᠨ | ᠪᠣᠳᠣᠯᠭ᠎ᠠ ᠶᠢᠨ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠪᠠ ᠲᠡᠷᠢᠭᠦᠨ ᠪᠠᠶᠢᠷᠢᠨ ᠳᠤ ᠲᠠᠯᠪᠢᠵᠤ ᠪᠠᠶᠢᠬᠤ ᠶᠢ | ᠭᠦᠢᠴᠡᠳ ᠢᠯᠡᠷᠡᠭᠦᠯᠵᠦ ᠪᠠᠶᠢᠨ᠎ᠠ᠃ ᠸᠢᠶᠧᠳ᠋ᠨᠠᠮ ᠤᠨ ᠨᠠᠮ ᠪᠣᠯᠣᠨ ᠵᠠᠰᠠᠭ ᠤᠨ ᠣᠷᠳᠣᠨ ᠷᠤᠸᠠᠨ ᠹᠦ᠋ ᠵᠦᠩ ᠨᠥᠬᠦᠷ ᠤᠨ | ᠭᠡᠷᠢᠶᠡᠰ ᠵᠣᠷᠢᠭ ᠢ ᠵᠠᠯᠭᠠᠮᠵᠢᠯᠠᠵᠤ᠂ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ | ᠵᠠᠮ ᠢ ᠪᠠᠷᠢᠮᠲᠠᠯᠠᠵᠤ᠂ ᠬᠤᠶᠠᠷ ᠤᠯᠤᠰ ᠤᠨ ᠠᠬᠠᠮᠠᠳ ᠨᠢᠭᠡ ᠦᠶ᠎ᠡ ᠶᠢᠨ ᠤᠳᠤᠷᠢᠳᠬᠤ ᠬᠥᠮᠥᠨ ᠢᠯᠠᠩᠭᠤᠶ᠎ᠠ ᠶᠡᠷᠦᠩᠬᠡᠢ | ᠱᠦᠵᠢ ᠷᠤᠸᠠᠨ ᠹᠦ᠋ ᠵᠦᠩ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠬᠠᠮᠲᠤ ᠪᠠᠷ ᠲᠣᠭᠲᠠᠭᠠᠭᠰᠠᠨ ᠵᠠᠮ ᠢᠶᠠᠷ ᠡᠷᠡᠰ | ᠤᠷᠤᠭᠰᠢᠯᠠᠵᠤ᠂ ︽ᠵᠢᠷᠭᠤᠭᠠᠨ ᠨᠡᠩ︾ ᠤᠨ ᠶᠡᠷᠦᠩᠬᠡᠢ ᠬᠠᠷᠠᠯᠲᠠ ᠶᠣᠰᠣᠭᠠᠷ᠂ ᠸᠢᠶᠧᠳ᠋ᠨᠠᠮ ᠳᠤᠮᠳᠠᠳᠤ ᠶᠢᠨ ᠪᠦᠭᠦ | ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠵᠦ | ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ ᠸᠢᠶᠧᠳ᠋ᠨᠠᠮ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ | ᠬᠤᠷᠢᠶ᠎ᠠ ᠶᠢᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠨᠠᠮ ᠤᠨ ᠠᠷᠪᠠᠨ ᠨᠠᠶᠢᠮᠠᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠲᠣᠭᠲᠠᠭᠠᠭᠰᠠᠨ ᠪᠤᠢ ᠪᠦᠬᠦᠢ ᠥᠭᠡᠷᠡᠴᠢᠯᠡᠯᠲᠡ ᠶᠢᠨ ᠡᠭᠦᠷᠭᠡ ᠶᠢ | ᠠᠮᠵᠢᠯᠲᠠ ᠲᠠᠢ ᠪᠡᠶᠡᠯᠡᠭᠦᠯᠵᠦ᠂ ᠯᠤᠲᠤ ᠶᠡᠭᠡ ᠬᠥᠭᠵᠢᠯᠲᠡ ᠶᠢᠨ ᠠᠮᠵᠢᠯᠲᠠ ᠣᠯᠵᠤ᠂ ᠳᠡᠯᠡᠬᠡᠢ ᠳᠡᠭᠡᠷᠡᠬᠢ ᠪᠠᠶᠢᠷᠢ ᠰᠠᠭᠤᠷᠢ | ᠪᠣᠯᠣᠨ ᠨᠥᠯᠥᠭᠡᠯᠡᠬᠦ ᠬᠦᠴᠦᠨ ᠡᠳᠦᠷ ᠢᠷᠡᠬᠦᠶ᠎ᠡ ᠳᠡᠭᠡᠭᠰᠢᠯᠡᠵᠦ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ | ᠵᠢᠴᠢ ᠪᠦᠭᠦ ᠬᠥᠮᠥᠨ ᠲᠥᠷᠥᠯᠬᠢᠲᠡᠨ ᠤ ᠳᠠᠪᠰᠢᠯᠳᠠ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠸᠢᠶᠧᠳ᠋ᠨᠠᠮ ᠤᠨ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ | ᠪᠦᠭᠦᠳᠠ ᠬᠤᠷᠠᠯ ᠤᠨ ᠠᠮᠵᠢᠯᠲᠠ ᠲᠠᠢ ᠬᠤᠷᠠᠯᠳᠤᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠰᠢᠨ᠎ᠡ ᠴᠠᠭ ᠦᠶ᠎ᠡ ᠶᠢ | ᠨᠡᠭᠡᠭᠡᠭᠰᠡᠨ ᠳᠤ ᠪᠠᠶᠠᠷ ᠬᠦᠷᠭᠡᠵᠦ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ᠂ | ᠳᠤᠮᠳᠠᠳᠤ ᠤᠯᠤᠰ ᠯᠠᠪᠲᠠᠢ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠪᠠᠨ ᠠᠮᠵᠢᠯᠲᠠ ᠲᠠᠢ ᠪᠡᠶᠡᠯᠡᠭᠦᠯᠵᠦ᠂ | ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠠᠶᠢᠭᠤᠯᠤᠨ ᠪᠦᠲᠦᠭᠡᠨ᠎ᠡ ᠭᠡᠳᠡᠭ ᠢ | ᠢᠲᠡᠭᠡᠵᠦ ᠪᠠᠶᠢᠨ᠎ᠠ᠃ ᠸᠢᠶᠧᠳ᠋ᠨᠠᠮ ᠤᠨ ᠪᠡᠶ᠎ᠡ ᠪᠠᠨ ᠳᠠᠭᠠᠭᠠᠵᠤ ᠡᠵᠡᠨ ᠮᠡᠳᠡᠬᠦ ᠶᠢ ᠪᠠᠷᠢᠮᠲᠠᠯᠠᠵᠤ᠂ ᠨᠢᠭᠡ ᠳᠤᠮᠳᠠᠳᠤ ᠤᠯᠤᠰ | ᠪᠠᠶ᠋ᠢᠬᠤ ᠲᠦᠷᠦ ᠶᠢᠨ ᠪᠣᠳᠣᠯᠭ᠎ᠠ ᠶᠢ ᠭᠤᠶᠢᠪᠢᠰᠢ ᠦᠭᠡᠢ ᠬᠡᠷᠡᠭᠵᠢᠭᠦᠯᠵᠦ᠂ ᠲᠠᠶ᠋ᠢᠸᠠᠨ ᠪᠣᠯ ᠳᠤᠮᠳᠠᠳᠤ ᠤᠯᠤᠰ ᠤᠨ | ᠨᠤᠲᠤᠭ ᠳᠡᠪᠢᠰᠬᠡᠷ ᠤᠨ ᠰᠠᠯᠵᠤ ᠪᠣᠯᠣᠰᠢ ᠦᠭᠡᠢ ᠨᠢᠭᠡ ᠬᠡᠰᠡᠭ ᠮᠥᠨ ᠬᠡᠮᠡᠨ ᠦᠵᠡᠵᠦ᠂ ᠠᠯᠢᠪᠠ ᠭᠡᠯᠪᠡᠷᠢ ᠶᠢᠨ ︽ | ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ ᠠᠵᠢᠯᠯᠠᠭ᠎ᠠ ᠶᠢ ᠡᠷᠡᠰ ᠡᠰᠡᠷᠭᠦᠴᠡᠵᠦ᠂ ᠳᠤᠮᠳᠠᠳᠤ ᠤᠯᠤᠰ ᠤᠨ | ᠤᠯᠤᠰ ᠤᠨ ᠨᠢᠭᠡᠳᠦᠯ ᠢᠶᠠᠨ ᠪᠡᠶᠡᠯᠡᠭᠦᠯᠬᠦ ᠶᠢ ᠡᠷᠡᠰ ᠳᠡᠮᠵᠢᠨ᠎ᠠ᠃ ᠰᠢᠶᠠᠩᠭᠠᠩ᠂ ᠰᠢᠨᠵᠢᠶᠠᠩ᠂ ᠲᠥᠪᠡᠳ ᠪᠣᠯ ᠴᠥᠮ | ᠳᠤᠮᠳᠠᠳᠤ ᠤᠯᠤᠰ ᠤᠨ ᠳᠣᠲᠣᠭᠠᠳᠤ ᠶᠢᠨ ᠬᠡᠷᠡᠭ ᠶᠠᠪᠤᠳᠠᠯ ᠮᠥᠨ᠂ ᠸᠢᠶᠧᠳ᠋ᠨᠠᠮ ᠤᠨ ᠶᠠᠮᠠᠷᠪᠠ ᠬᠦᠴᠦᠨ ᠤ ᠳᠤᠮᠳᠠᠳᠤ | ᠤᠯᠤᠰ ᠤᠨ ᠳᠣᠲᠣᠭᠠᠳᠤ ᠶᠠᠪᠤᠳᠠᠯ ᠳᠤ ᠭᠠᠷ ᠲᠦᠷᠦᠭᠦ ᠶᠢ ᠡᠷᠡᠰ ᠡᠰᠡᠷᠭᠦᠴᠡᠨ᠎ᠡ᠃ ᠸᠢᠶᠧᠳ᠋ᠨᠠᠮ ᠤᠨ ᠳᠤᠷᠠᠲᠠᠶ᠎ᠠ ᠳᠤᠮᠳᠠᠳᠤ | ᠤᠯᠤᠰ ᠯᠤᠭ᠎ᠠ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠨᠢᠭᠲᠠᠷᠠᠭᠤᠯᠵᠤ᠂ ᠨᠠᠮ ᠢ ᠵᠠᠰᠠᠵᠤ ᠲᠦᠷᠦ ᠶᠢ ᠵᠠᠰᠠᠵᠤ | ᠵᠠᠰᠠᠭ ᠢ ᠡᠷᠭᠢᠯᠡᠭᠦ ᠲᠤᠷᠰᠢᠯᠭ᠎ᠠ ᠪᠠᠨ ᠬᠤᠪᠢᠶᠠᠯᠴᠠᠵᠤ᠂ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ | ᠭᠦᠨᠵᠡᠭᠡᠶᠢᠷᠡᠭᠦᠯᠵᠦ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠵᠢᠴᠢ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠠᠮᠤᠷ ᠲᠦᠪᠰᠢᠨ᠂ ᠠᠵᠤ ᠠᠬᠤᠢ ᠠᠷᠠᠯᠵᠢᠶᠠᠨ ᠤ ᠪᠡᠯᠡ ᠣᠷᠣᠭᠤᠯᠤᠯᠲᠠ᠂ ᠬᠢᠯᠢ ᠠᠯᠤᠰᠯᠠᠭᠰᠠᠨ | ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠵᠡᠷᠭᠡ ᠬᠦᠷᠢᠶᠡᠨ ᠳᠠᠬᠢ ᠬᠠᠷᠢᠯᠴᠠᠨ ᠠᠰᠢᠭᠲᠠᠢ | ᠬᠠᠮᠲᠤᠷᠠᠯᠴᠠᠭ᠎ᠠ ᠪᠠᠨ ᠴᠢᠩᠭᠠᠳᠬᠠᠨ᠎ᠠ᠃ ᠢᠷᠡᠬᠦ ᠵᠢᠯ ᠤᠨ ︽ᠸᠢᠶᠧᠳ᠋ᠨᠠᠮ ᠳᠤᠮᠳᠠᠳᠤ ᠶᠢᠨ ᠰᠣᠶᠣᠯ ᠢᠷᠭᠡᠨᠰᠢᠯ ᠤᠨ | ᠰᠣᠯᠢᠯᠴᠠᠭᠠᠨ ᠤ ᠣᠨ︾ ᠢ ᠬᠠᠮᠲᠤ ᠪᠠᠷ ᠰᠠᠶᠢᠳᠤᠷ ᠡᠷᠭᠢᠯᠡᠵᠦ᠂ ᠵᠠᠯᠠᠭᠤᠴᠤᠳ᠂ ᠣᠷᠣᠨ ᠨᠤᠲᠤᠭ ᠤᠨ ᠰᠣᠯᠢᠯᠴᠠᠭ᠎ᠠ | ᠬᠠᠮᠲᠤᠷᠠᠯᠴᠠᠭ᠎ᠠ ᠶᠢ ᠴᠢᠩᠭᠠᠳᠬᠠᠵᠤ᠂ ᠬᠤᠶᠠᠷ ᠤᠯᠤᠰ ᠤᠨ ᠨᠡᠶᠢᠭᠡᠮ ᠤᠨ ᠠᠷᠠᠳ ᠤᠨ ᠰᠠᠨᠠᠭᠠᠨ ᠤ ᠰᠠᠭᠤᠷᠢ ᠶᠢ | ᠪᠠᠬᠢᠵᠢᠭᠦᠯᠦᠨ᠎ᠡ᠃ ᠸᠢᠶᠧᠳ᠋ᠨᠠᠮ ᠤᠨ ᠳᠤᠷᠠᠲᠠᠶ᠎ᠠ ᠳᠤᠮᠳᠠᠳᠤ ᠤᠯᠤᠰ ᠯᠤᠭ᠎ᠠ ᠲᠠᠯᠠᠢ ᠳᠡᠭᠡᠷᠡᠬᠢ ᠵᠥᠷᠢᠯᠳᠦᠭᠡᠨ ᠢᠶᠠᠨ ᠵᠣᠬᠢᠰᠲᠠᠢ | ᠬᠠᠮᠢᠶᠠᠷᠤᠨ ᠡᠵᠡᠮᠳᠡᠵᠦ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠲᠤ ᠪᠠᠷ ᠬᠠᠮᠠᠭᠠᠯᠠᠨ᠎ᠠ᠃ | ᠸᠢᠶᠧᠳ᠋ᠨᠠᠮ ᠤᠨ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠪᠣᠯᠣᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ | ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠳᠡᠮᠵᠢᠬᠦ | ᠪᠥᠭᠡᠳ ᠳᠤᠷᠠᠲᠠᠶ᠎ᠠ ᠢᠳᠡᠪᠬᠢᠲᠡᠢ ᠣᠷᠣᠯᠴᠠᠨ᠎ᠠ᠃ ᠸᠢᠶᠧᠳ᠋ᠨᠠᠮ ᠤᠨ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠠᠨ ᠲᠠᠯᠠᠲᠤ | ᠤᠯᠠᠨ ᠤᠯᠤᠰ ᠤᠨ ᠬᠠᠮᠵᠢᠯᠴᠠᠭ᠎ᠠ ᠪᠠᠨ ᠨᠢᠭᠲᠠᠷᠠᠭᠤᠯᠵᠤ ᠤᠯᠠᠨ ᠲᠠᠯᠠᠲᠤ ᠦᠵᠡᠯ ᠢ ᠬᠠᠮᠠᠭᠠᠯᠠᠵᠤ᠂ ᠳᠡᠯᠡᠬᠡᠢ ᠶᠢᠨ ᠲᠥᠪ | ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢ ᠠᠬᠢᠭᠤᠯᠬᠤ ᠳᠤ | ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃ | ᠬᠡᠯᠡᠯᠴᠡᠭᠡ ᠲᠡᠭᠦᠰᠦᠭᠰᠡᠨ ᠤ ᠳᠠᠷᠠᠭ᠎ᠠ᠂ ᠬᠤᠶᠠᠷ ᠲᠠᠯ᠎ᠠ ᠪᠠᠷ ᠢᠶᠠᠨ ᠨᠠᠮ ᠤᠨ ᠰᠤᠷᠭᠠᠭᠤᠯᠢ᠂ ᠬᠤᠯᠪᠣᠯᠳᠤᠨ | ᠨᠡᠪᠲᠡᠷᠡᠯᠴᠡᠬᠦ᠂ ᠠᠵᠤ ᠦᠢᠯᠡᠳᠪᠦᠷᠢ᠂ ᠮᠥᠩᠭᠦᠨ ᠭᠦᠢᠯᠭᠡᠭᠡᠨ᠂ ᠪᠣᠭᠤᠮᠲᠠ ᠶᠢᠨ ᠰᠢᠯᠭᠠᠨ ᠪᠠᠶᠢᠴᠠᠭᠠᠬᠤ ᠬᠢᠵᠢᠭ | ᠪᠠᠶᠢᠴᠠᠭᠠᠬᠤ᠂ ᠡᠷᠡᠭᠦᠯ ᠬᠠᠮᠠᠭᠠᠯᠠᠯ᠂ ᠰᠣᠨᠢᠨ ᠮᠡᠳᠡᠭᠡᠨ ᠤ ᠪᠠᠶᠢᠭᠤᠯᠤᠮᠵᠢ ᠪᠣᠯᠣᠨ ᠵᠠᠭᠤᠴᠢᠯᠠᠭᠤᠷ᠂ ᠣᠷᠣᠨ ᠨᠤᠲᠤᠭ᠂ | ᠠᠷᠠᠳ ᠤᠨ ᠠᠮᠢᠳᠤᠷᠠᠯ ᠵᠡᠷᠭᠡ ᠬᠦᠷᠢᠶᠡᠨ ᠳᠠᠬᠢ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ | ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃ ᠭᠠᠷ ᠤᠨ ᠦᠰᠦᠭ ᠵᠢᠷᠤᠬᠤ | ᠶᠣᠰᠣᠯᠠᠯ ᠤᠨ ᠳᠠᠷᠠᠭ᠎ᠠ᠂ ᠰᠢ ᠶᠢᠨ ᠫᠢᠩ ᠪᠣᠯᠣᠨ ᠰᠦ ᠯᠢᠨ ᠪᠠᠭ᠎ᠠ ᠬᠡᠪᠴᠢᠶᠡᠨ ᠤ ᠴᠠᠶᠢᠯᠠᠯᠭ᠎ᠠ ᠬᠢᠵᠦ᠂ ᠳᠣᠲᠣᠨᠣ | ᠨᠥᠭᠦᠷᠰᠡᠭ ᠠᠭᠤᠷ ᠠᠮᠢᠰᠬᠤᠯ ᠤᠨ ᠳᠤᠮᠳᠠ ᠬᠠᠮᠲᠤ ᠪᠠᠷ ᠠᠩᠬᠠᠷᠴᠤ ᠪᠠᠶᠢᠭ᠎ᠠ ᠴᠢᠬᠤᠯᠠ ᠠᠰᠠᠭᠤᠳᠠᠯ ᠤᠨ ᠲᠤᠬᠠᠢ | ᠦᠷᠭᠦᠯᠵᠢᠯᠡᠨ ᠰᠠᠨᠠᠯ ᠢᠶᠠᠨ ᠭᠦᠨᠵᠡᠭᠡᠢ ᠰᠣᠯᠢᠯᠴᠠᠪᠠ᠃ | ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ | ᠬᠤᠷᠠᠯ ᠤᠨ ᠲᠠᠩᠬᠢᠮ ᠤᠨ ᠵᠡᠭᠦᠨ ᠡᠭᠦᠳᠡᠨ ᠤ ᠭᠠᠳᠠᠨᠠᠬᠢ ᠠᠭᠤᠳᠠᠮ ᠲᠠᠯᠠᠪᠠᠢ ᠳᠤ ᠰᠦ ᠯᠢᠨ ᠪᠣᠯᠣᠨ ᠲᠡᠭᠦᠨ ᠤ ᠬᠠᠳᠤᠨ ᠦ᠋ | ᠹᠠᠩ ᠯᠢ ᠶᠢ ᠤᠭᠲᠤᠬᠤ ᠶᠣᠰᠣᠯᠠᠯ ᠶᠠᠪᠤᠭᠤᠯᠪᠠ᠃ | ᠰᠦ ᠯᠢᠨ ᠬᠦᠷᠴᠦ ᠢᠷᠡᠬᠦ ᠳᠤ ᠶᠣᠰᠣᠯᠠᠯ ᠤᠨ ᠴᠡᠷᠢᠭ ᠮᠥᠷᠯᠡᠨ ᠵᠣᠭᠰᠣᠵᠤ ᠶᠣᠰᠣᠯᠠᠪᠠ᠃ ᠰᠢ ᠶᠢᠨ ᠫᠢᠩ ᠰᠦ | ᠯᠢᠨ ᠲᠠᠢ ᠬᠠᠮᠲᠤ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠸᠢᠶᠧᠳ᠋ᠨᠠᠮ | ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ᠂ ᠲᠢᠶᠠᠨ ᠠᠨ ᠮᠧᠨ ᠲᠠᠯᠠᠪᠠᠢ ᠳᠤ ᠶᠣᠰᠣᠯᠠᠯ ᠤᠨ | ᠫᠤᠤ ᠶᠢ 21 ᠳᠤᠤᠭᠠᠷᠭᠠᠪᠠ᠃ ᠰᠦ ᠯᠢᠨ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ | ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃ | | ᠲᠤᠰ ᠡᠳᠦᠷ ᠤᠨ ᠦᠳᠡ ᠳᠤ᠂ ᠰᠢ ᠶᠢᠨ ᠫᠢᠩ ᠪᠣᠯᠣᠨ ᠫᠧᠩ ᠯᠢ ᠶᠤᠸᠠᠨ ᠠᠷᠠᠳ ᠤᠨ ᠶᠡᠭᠡ ᠬᠤᠷᠠᠯ ᠤᠨ | ᠲᠠᠩᠬᠢᠮ ᠤᠨ ᠰᠢᠵᠢᠷ ᠠᠯᠳᠠᠨ ᠲᠢᠩᠬᠢᠮ ᠳᠤ ᠰᠦ ᠯᠢᠨ ᠪᠣᠯᠣᠨ ᠲᠡᠭᠦᠨ ᠤ ᠬᠠᠳᠤᠨ ᠢ ᠤᠭᠲᠤᠬᠤ ᠳᠠᠶᠢᠯᠠᠯᠭ᠎ᠠ ᠬᠢᠪᠡ᠃ | | ᠼᠠᠢ ᠴᠢ᠂ ᠸᠠᠩ ᠢ᠂ ᠸᠠᠩ ᠰᠢᠶᠣᠣ ᠬᠤᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ | ᠰᠦ ᠯᠢᠨ ᠳᠤᠮᠳᠠᠳᠤ ᠤᠯᠤᠰ ᠲᠤ ᠠᠶᠢᠯᠠᠴᠢᠯᠠᠵᠤ ᠪᠠᠶᠢᠭ᠎ᠠ ᠬᠤᠭᠤᠴᠠᠭᠠᠨ ᠳᠤ᠂ ᠬᠤᠶᠠᠷ ᠲᠠᠯ᠎ᠠ ᠪᠠᠷ ᠢᠶᠠᠨ ︽ | ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠨᠡᠶᠢᠭᠡᠮ ᠵᠢᠷᠤᠮᠲᠤ ᠸᠢᠶᠧᠳ᠋ᠨᠠᠮ | ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠤᠯᠠᠮ | ᠴᠢᠩᠭᠠᠳᠬᠠᠵᠤ᠂ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ | ᠠᠬᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠶᠢ ᠨᠡᠶᠢᠲᠡᠯᠡᠬᠦ ᠪᠣᠯᠣᠨ᠎ᠠ᠃ | ᠳᠡᠪᠰᠢᠭᠦᠯᠦᠭᠴᠢ᠄ ᠲᠡᠷᠭᠡᠯ | |