ᠯᠢ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/27
      ᠯᠢ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠪᠠ      ᠰᠢᠨᠬᠤᠸᠠ ᠬᠤᠷᠢᠶᠠᠨ ᠤ ᠪᠡᠭᠡᠵᠢᠩ ᠤᠨ 8 ᠳ᠋ᠤᠭᠠᠷ ᠰᠠᠷ᠎ᠠ ᠶᠢᠨ 19 ᠤ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠦᠨ ᠯᠢ ᠴᠢᠶᠠᠩ 8 ᠳ᠋ᠤᠭᠠᠷ ᠰᠠᠷ᠎ᠠ ᠶᠢᠨ 19 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ  ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ᠂ ︽ᠥᠨᠳᠥᠷ ᠲᠦᠪᠰᠢᠨ ᠪᠦᠬᠦᠢ ᠨᠡᠭᠡᠭᠡᠯᠲᠡ ᠪᠠᠷ ᠦᠢᠯᠡᠴᠢᠯᠡᠭᠡᠨ ᠤ ᠠᠷᠠᠯᠵᠢᠶᠠᠨ ᠤ ᠴᠢᠨᠠᠷ ᠰᠠᠶ᠋ᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ︾ ᠪᠠ ︽ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠵᠥᠪᠰᠢᠶᠡᠷᠡᠨ ᠣᠷᠣᠭᠤᠯᠬᠤ ᠣᠨᠴᠠᠭᠠᠢ ᠬᠠᠮᠢᠶᠠᠷᠤᠯᠲᠠ ᠶᠢᠨ ᠠᠷᠭ᠎ᠠ ᠬᠡᠮᠵᠢᠶ᠎ᠡ ︵ᠨᠠᠵᠠᠭᠠᠢ ᠲᠠᠯ᠎ᠠ ᠶᠢᠨ ᠨᠠᠷᠢᠨ ᠲᠠᠩᠰᠠ︶ ︵2024 ᠣᠨ ᠤ ᠬᠡᠪᠯᠡᠯ︶︾ ᠶᠢ ᠬᠢᠨᠠᠨ ᠵᠥᠪᠯᠡᠵᠦ ᠪᠠᠲᠤᠯᠠᠨ᠂ ︽ᠬᠠᠤᠯᠢ ᠲᠣᠭᠲᠠᠭᠠᠯ ᠳᠦᠷᠢᠮ ᠲᠣᠭᠲᠠᠭᠠᠯ ᠢ ᠪᠦᠷᠢᠳᠬᠡᠨ ᠳᠠᠩᠰᠠᠯᠠᠵᠤ ᠬᠢᠨᠠᠨ  ᠪᠠᠶᠢᠴᠠᠭᠠᠬᠤ ᠲᠦᠷᠢᠮ ︵ᠡᠬᠡ ᠲᠥᠰᠦᠯ︶︾ ᠪᠠ ︽ᠬᠤᠳᠠ ᠶᠢᠨ ᠤᠯᠠᠨ  ᠨᠡᠶᠢᠲᠡ ᠶᠢᠨ ᠵᠠᠮ ᠬᠠᠷᠢᠯᠴᠠᠭᠠᠨ ᠤ ᠲᠦᠷᠢᠮ ︵ᠡᠬᠡ ᠲᠥᠰᠦᠯ︶︾ ᠢ ᠬᠢᠨᠠᠨ ᠵᠥᠪᠯᠡᠵᠦ ᠪᠠᠲᠤᠯᠠᠨ᠂ ᠲᠤᠰᠬᠠᠢ ᠨᠠᠷᠢᠯᠢᠭ ᠣᠨᠴᠠ ᠰᠢᠨ᠎ᠡ ᠳᠤᠮᠳᠠ ᠵᠢᠵᠢᠭ ᠠᠵᠤ  ᠠᠬᠤᠶᠢᠯᠠᠯ ᠤᠨ ᠴᠢᠨᠠᠷ  ᠰᠠᠶᠢᠲᠠᠢ ᠬᠥᠭᠵᠢᠯᠲᠡ ᠶᠢ ᠠᠬᠢᠭᠤᠯᠬᠤ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠵᠤ᠂ ᠵᠢᠶᠠᠩᠰᠦ ᠶᠢᠨ ᠰᠢᠤᠢ ᠸᠧᠢ ᠶᠢᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠵᠡᠷᠭᠡ ᠴᠥᠮ᠎ᠡ ᠶᠢᠨ ᠴᠠᠬᠢᠯᠭᠠᠨ ᠤ ᠲᠠᠪᠤᠨ ᠲᠦᠷᠦᠯ ᠵᠦᠢᠯ ᠢ ᠬᠢᠨᠠᠨ ᠵᠥᠪᠰᠢᠶᠡᠷᠡᠬᠦ ᠪᠠᠷ ᠲᠣᠭᠲᠠᠪᠠ᠃           ᠬᠤᠷᠠᠯᠳᠤᠭᠠᠨ ᠢᠶᠠᠷ᠂ ᠦᠢᠯᠡᠴᠢᠯᠡᠭᠡᠨ ᠤ ᠠᠷᠠᠯᠵᠢᠶ᠎ᠠ ᠶᠢ ᠲᠦᠷᠭᠡᠳᠬᠡᠨ ᠬᠥᠭᠵᠢᠭᠦᠯᠬᠦ ᠪᠣᠯ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠳᠡ ᠶᠢ ᠥᠷᠭᠡᠳᠬᠡᠬᠦ᠂ ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠬᠤ ᠶᠢᠨ  ᠵᠠᠶᠢᠯᠠᠰᠢ ᠦᠭᠡᠢ ᠱᠠᠭᠠᠷᠳᠠᠯᠭ᠎ᠠ ᠮᠥᠨ᠃ ᠦᠢᠯᠡᠴᠢᠯᠡᠭᠡᠨ ᠤ ᠠᠷᠠᠯᠵᠢᠶᠠᠨ ᠤ ᠴᠢᠯᠦᠭᠡᠵᠢᠬᠦ ᠳᠥᠭᠦᠮᠯᠡᠬᠦ ᠬᠢᠷᠢ ᠲᠦᠪᠰᠢᠨ ᠢ ᠳᠡᠭᠡᠭᠰᠢᠯᠡᠭᠦᠯᠵ᠊᠂ ᠬᠢᠯᠢ ᠠᠯᠤᠰᠯᠠᠭᠰᠠᠨ ᠦᠢᠯᠡᠴᠢᠯᠡᠭᠡᠨ ᠤ ᠠᠷᠠᠯᠵᠢᠶᠠᠨ ᠤ ᠨᠠᠵᠠᠭᠠᠢ ᠲᠠᠯ᠎ᠠ ᠶᠢᠨ ᠨᠠᠷᠢᠨ ᠲᠠᠩᠰᠠ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ  ᠦᠢᠯᠡᠴᠢᠯᠡᠭᠡᠨ ᠤ ᠦᠢᠯᠡᠰ ᠤᠨ ᠨᠡᠭᠡᠭᠡᠯᠳᠠ ᠪᠠᠨ ᠥᠷᠭᠡᠳᠬᠡᠬᠦ  ᠶᠡᠷᠦᠩᠬᠡᠶᠢᠯᠡᠭᠰᠡᠨ ᠲᠤᠷᠰᠢᠯᠲᠠ ᠶᠢᠨ ᠴᠡᠭ ᠤᠨ ᠵᠢᠰᠢᠶ᠎ᠡ ᠦᠵᠡᠭᠦᠯᠬᠦ ᠶᠢ ᠠᠬᠢᠭᠤᠯᠵᠤ᠂ ᠴᠢᠳᠠᠪᠤᠷᠢᠲᠠᠨ᠂ ᠪᠡᠯᠡ ᠮᠥᠩᠭᠦ᠂ ᠮᠡᠷᠭᠡᠵᠢᠯ ᠤᠨ ᠦᠷ᠎ᠡ ᠪᠦᠲᠦᠭᠡᠯ᠂ ᠳ᠋ᠠᠶ᠋ᠢᠲ᠋ᠠ ᠵᠡᠷᠭᠡ ᠡᠬᠢ ᠪᠠᠶᠠᠯᠢᠭ ᠤᠨ ᠬᠦᠴᠦᠨ ᠵᠦᠢᠯ ᠤᠨ ᠬᠢᠯᠢ ᠠᠯᠤᠰᠯᠠᠭᠰᠠᠨ ᠰᠢᠯᠵᠢᠯᠲᠡ ᠶᠢ ᠠᠬᠢᠭᠤᠯᠬᠤ ᠬᠡᠷᠡᠭᠲᠡᠢ᠃ ᠦᠢᠯᠡᠴᠢᠯᠡᠭᠡᠨ ᠤ ᠠᠷᠠᠯᠵᠢᠶᠠᠨ ᠤ ᠭᠤᠣᠯᠳᠠᠯᠭ᠎ᠠ ᠪᠣᠯᠬᠤ ᠬᠦᠷᠢᠶᠡᠨ ᠳᠠᠬᠢ ᠰᠢᠨ᠎ᠡ ᠡᠭᠦᠳᠦᠯᠲᠡ ᠲᠠᠢ ᠬᠥᠭᠵᠢᠯᠲᠡ ᠶᠢ ᠠᠬᠢᠭᠤᠯᠵᠤ᠂ ᠦᠢᠯᠡᠴᠢᠯᠡᠭᠡᠨ ᠤ ᠠᠷᠠᠯᠵᠢᠶ᠎ᠠ ᠬᠢᠭᠡᠳ ᠪᠠᠷᠠᠭᠠᠨ ᠤ ᠠᠷᠠᠯᠵᠢᠶᠠᠨ ᠤ ᠬᠠᠷᠢᠯᠴᠠᠨ ᠠᠭᠤᠰᠤᠯᠴᠠᠬᠤ ᠶᠢ ᠠᠬᠢᠭᠤᠯᠵᠤ᠂ ᠮᠥᠩᠭᠦᠨ ᠭᠦᠢᠯᠭᠡᠭᠡ᠂ ᠵᠥᠪᠯᠡᠯᠭᠡ ᠥᠭᠬᠦ᠂   ᠵᠢᠷᠤᠭᠯᠠᠵᠤ ᠲᠥᠯᠥᠪᠯᠡᠬᠦ᠂ ᠭᠡᠷᠡᠴᠢᠯᠡᠨ ᠮᠡᠳᠡᠷᠡᠬᠦ ᠵᠡᠷᠭᠡ ᠲᠤᠰᠬᠠᠢ ᠮᠡᠷᠭᠡᠵᠢᠯ ᠤᠨ ᠦᠢᠯᠡᠴᠢᠯᠡᠭᠡᠨ ᠤ  ᠳᠡᠯᠡᠬᠡᠶᠢᠵᠢᠭᠰᠡᠨ ᠬᠥᠭᠵᠢᠯᠲᠡ ᠶᠢ ᠳᠡᠮᠵᠢᠵᠦ᠂ ᠦᠢᠯᠡᠴᠢᠯᠡᠭᠡᠨ ᠤ ᠠᠷᠠᠯᠵᠢᠶᠠᠨ ᠤ ᠰᠢᠨ᠎ᠡ ᠨᠡᠮᠡᠭᠳᠡᠯ ᠴᠡᠭ ᠢ ᠪᠤᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃            ᠬᠤᠷᠠᠯᠳᠤᠭᠠᠨ ᠢᠶᠠᠷ᠂ ᠭᠠᠳᠠᠭᠠᠳᠤ ᠪᠡᠯᠡ ᠶᠢ ᠵᠥᠪᠰᠢᠶᠡᠷᠡᠨ ᠣᠷᠣᠭᠤᠯᠬᠤ ᠪᠠᠨ ᠤᠯᠠᠮ ᠨᠢᠭᠡ ᠠᠯᠬᠤᠮ ᠠᠭᠤᠵᠢᠭᠤ ᠲᠠᠯᠪᠢᠵᠤ᠂ ᠦᠢᠯᠡᠳᠬᠦ ᠦᠢᠯᠡᠰ ᠤᠨ ᠬᠦᠷᠢᠶᠡᠨ ᠳᠠᠬᠢ ᠭᠠᠳᠠᠭᠠᠳᠤ ᠪᠡᠯᠡ ᠶᠢ ᠵᠥᠪᠰᠢᠶᠡᠷᠡᠨ ᠣᠷᠣᠭᠤᠯᠬᠤ ᠲᠠᠯ᠎ᠠ ᠪᠠᠷ ᠬᠢᠵᠠᠭᠠᠷᠯᠠᠬᠤ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠴᠤᠴᠠᠯᠵᠤ᠂ ᠴᠠᠬᠢᠯᠭᠠᠨ ᠬᠤᠯᠪᠣᠭ᠎ᠠ᠂ ᠰᠤᠷᠭᠠᠨ ᠬᠥᠮᠦᠵᠢᠯ᠂ ᠡᠮᠴᠢᠯᠡᠭᠡ ᠵᠡᠷᠭᠡ ᠦᠢᠯᠡᠴᠢᠯᠡᠭᠡᠨ ᠤ ᠬᠦᠷᠢᠶᠡᠨ ᠳᠠᠬᠢ ᠨᠡᠭᠡᠭᠡᠯᠳᠠ ᠶᠢ ᠰᠢᠮᠳᠠᠭᠤᠯᠤᠨ ᠠᠬᠢᠭᠤᠯᠬᠤ ᠬᠡᠷᠡᠭᠲᠡᠢ᠃ ᠰᠢᠨ᠎ᠡ ᠪᠠᠶ᠋ᠢᠳᠠᠯ ᠳᠤ ᠵᠣᠬᠢᠴᠠᠭᠤᠯᠤᠨ ᠭᠠᠳᠠᠭᠠᠳᠤ ᠪᠡᠯᠡ ᠶᠢ ᠲᠠᠲᠠᠬᠤ ᠲᠦᠷᠦ ᠶᠢᠨ ᠪᠤᠳᠤᠯᠭ᠎ᠠ ᠶᠢ ᠰᠢᠯᠢᠳᠡᠭᠵᠢᠭᠦᠯᠵᠦ᠂ ᠭᠠᠳᠠᠭᠠᠳᠤ ᠶᠢᠨ ᠬᠤᠳᠠᠯᠳᠤᠭᠠᠴᠢᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠳᠤ ᠴᠠᠭ ᠲᠤᠬᠠᠢ ᠳᠤ ᠬᠠᠷᠢᠭᠤᠯᠲᠠ ᠥᠭᠴᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠦᠢᠯᠡᠴᠢᠯᠡᠭᠡ ᠪᠠᠲᠤᠯᠠᠭ᠎ᠠ ᠶᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠨᠡᠩ ᠤᠯᠠᠨ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠲᠣᠭᠲᠠᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯᠳᠤᠭᠠᠨ ᠢᠶᠠᠷ᠂ ︽ᠬᠠᠤᠯᠢ ᠲᠣᠭᠲᠠᠭᠠᠯ ᠲᠦᠷᠢᠮ ᠲᠣᠭᠲᠠᠭᠠᠯ ᠢ ᠪᠦᠷᠢᠳᠬᠡᠨ ᠳᠡᠩᠰᠡᠯᠡᠵᠦ ᠬᠢᠨᠠᠨ ᠪᠠᠶᠢᠴᠠᠭᠠᠬᠤ ᠲᠦᠷᠢᠮ ︵ᠡᠬᠡ ᠲᠥᠰᠦᠯ︶︾ ᠢ ᠬᠢᠨᠠᠨ ᠵᠥᠪᠯᠡᠵᠦ ᠪᠠᠲᠤᠯᠠᠭᠠᠳ᠂ ︽ᠮᠠᠲ᠋ᠧᠷᠢᠶᠠᠯ  ᠪᠠᠶᠢᠪᠠᠯ ᠵᠠᠪᠠᠯ ᠳᠠᠩᠰᠠᠯᠠᠬᠤ᠂ ᠳᠠᠩᠰᠠᠯᠠᠪᠠᠯ ᠵᠠᠪᠠᠯ ᠬᠢᠨᠠᠬᠤ᠂ ᠪᠤᠷᠤᠭᠤᠳᠠᠪᠠᠯ ᠵᠠᠪᠠᠯ ᠵᠠᠯᠠᠷᠠᠭᠤᠯᠬᠤ︾ ᠶᠢ ᠪᠠᠷᠢᠮᠲᠠᠯᠠᠵᠤ᠂ ᠣᠷᠣᠨ ᠨᠤᠲᠤᠭ ᠪᠠ ᠰᠠᠯᠠᠭ᠎ᠠ ᠮᠥᠴᠢᠷ ᠤᠳ ᠤᠨ ᠬᠠᠤᠯᠢ ᠲᠣᠭᠲᠠᠭᠠᠯᠲᠠ ᠳᠡᠭᠡᠳᠦ  ᠪᠠᠶᠢᠷᠢ ᠶᠢᠨ ᠬᠠᠤᠯᠢ ᠯᠤᠭ᠎ᠠ ᠨᠢᠭᠡᠳᠦᠯ ᠦᠭᠡᠢ  ᠪᠠᠶᠢᠬᠤ᠂  ᠪᠦᠬᠦ ᠤᠯᠤᠰ ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ ᠤᠨ  ᠪᠠᠶᠢᠭᠤᠯᠤᠯᠲᠠ ᠶᠢ ᠨᠥᠯᠥᠭᠡᠯᠡᠬᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠬᠤᠬᠢᠷᠠᠭᠤᠯᠬᠤ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠠᠩᠬᠠᠷᠴᠤ ᠂ ᠪᠦᠷᠢᠳᠬᠡᠨ ᠳᠠᠩᠰᠠᠯᠠᠵᠤ ᠬᠢᠨᠠᠨ  ᠪᠠᠶᠢᠴᠠᠭᠠᠬᠤ ᠠᠵᠢᠯ ᠢ ᠴᠢᠨᠠᠷ  ᠰᠠᠶᠢᠲᠠᠢ ᠥᠨᠳᠥᠷ ᠪᠦᠲᠦᠮᠵᠢᠲᠡᠢ  ᠰᠠᠶᠢᠳᠤᠷ ᠬᠢᠬᠦ ᠬᠡᠷᠡᠭᠲᠡᠢ ᠭᠡᠵᠦ ᠱᠠᠭᠠᠷᠳᠠᠪᠠ᠃ ᠬᠤᠷᠠᠯᠳᠤᠭᠠᠨ ᠢᠶᠠᠷ ︽ᠬᠤᠲᠠ ᠶᠢᠨ ᠣᠯᠠᠨ  ᠨᠡᠶᠢᠲᠡ ᠶᠢᠨ ᠵᠠᠮ ᠬᠠᠷᠢᠯᠴᠠᠭᠠᠨ ᠤ ᠲᠦᠷᠢᠮ  ︵ᠡᠬᠡ ᠲᠥᠰᠦᠯ︶︾ ᠢ ᠬᠢᠨᠠᠨ ᠵᠥᠪᠯᠡᠵᠦ ᠪᠠᠲᠤᠯᠠᠭᠠᠳ᠂ ᠲᠦᠷᠢᠮ ᠢ ᠨᠡᠶᠢᠲᠡᠯᠡᠨ ᠬᠡᠷᠡᠭᠵᠢᠭᠦᠯᠬᠦ ᠯᠦᠭᠡ ᠤᠶᠠᠯᠳᠤᠭᠤᠯᠵᠤ᠂ ᠬᠤᠲᠠ ᠶᠢᠨ ᠣᠯᠠᠨ  ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠪᠠ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠦᠨᠡᠨ ᠬᠦ᠋ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃            ᠬᠤᠷᠠᠯᠳᠤᠭᠠᠨ ᠢᠶᠠᠷ᠂ ᠲᠤᠰᠬᠠᠢ ᠨᠠᠷᠢᠯᠢᠭ ᠣᠨᠴᠠ ᠰᠢᠨ᠎ᠡ ᠳᠤᠮᠳᠠ ᠵᠢᠵᠢᠭ ᠠᠵᠤ ᠠᠬᠤᠶᠢᠯᠠᠯ ᠢ ᠶᠡᠭᠡ ᠪᠠᠷ  ᠪᠤᠶᠢᠵᠢᠭᠤᠯᠤᠨ ᠬᠥᠭᠵᠢᠭᠦᠯᠵᠦ᠂ ᠡᠳ᠋ ᠤᠨ ᠵᠠᠰᠠᠭ  ᠭᠠᠶᠢᠯᠢ ᠲᠠᠲᠠᠪᠤᠷᠢ᠂ ᠮᠥᠩᠭᠦᠨ ᠭᠦᠢᠯᠭᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠵᠤ ᠦᠢᠯᠡᠰ᠂ ᠴᠢᠳᠠᠪᠤᠷᠢᠲᠠᠨ ᠵᠡᠷᠭᠡ ᠶᠢᠨ ᠲᠦᠷᠦ ᠶᠢᠨ ᠪᠤᠳᠤᠯᠭ᠎ᠠ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠠᠵᠤ  ᠠᠬᠤᠶᠢᠯᠠᠯ ᠤᠨ ᠰᠢᠨ᠎ᠡ ᠡᠭᠦᠳᠦᠯᠲᠡ ᠲᠠᠢ ᠬᠥᠭᠵᠢᠬᠦ ᠶᠢ ᠪᠦᠬᠦ ᠬᠡᠯᠬᠢᠶ᠎ᠡ ᠪᠠᠷ ᠳᠡᠮᠵᠢᠬᠦ ᠬᠡᠷᠡᠭᠲᠡᠢ᠃ ᠬᠥᠭᠵᠢᠯᠲᠡ ᠶᠢᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠱᠠᠲᠤᠯᠢᠭ  ᠪᠤᠶᠢᠵᠢᠭᠤᠯᠤᠯᠲᠠ ᠬᠦᠴᠦᠨ ᠵᠦᠢᠯ ᠤᠨ ᠪᠠᠲᠤᠯᠠᠭ᠎ᠠ᠂ ᠤᠯᠠᠨ  ᠨᠡᠶᠢᠲᠡ ᠶᠢᠨ ᠦᠢᠯᠡᠴᠢᠯᠡᠭᠡ ᠵᠡᠷᠭᠡ ᠲᠣᠭᠲᠠᠴᠠ ᠶᠢ ᠲᠡᠭᠦᠯᠳᠡᠷᠵᠢᠭᠦᠯᠵᠦ᠂ ᠠᠵᠤ  ᠠᠬᠤᠶᠢᠯᠠᠯ ᠤᠨ ᠪᠣᠳᠠᠲᠠᠢ ᠬᠦᠴᠢᠷᠳᠡᠯ ᠢ ᠬᠠᠪᠰᠤᠷᠴᠤ ᠰᠢᠢᠳᠪᠦᠷᠢᠯᠡᠵᠦ ᠥᠭᠬᠦ ᠬᠡᠷᠡᠭᠲᠡᠢ᠃ ᠶᠡᠭᠡ ᠬᠡᠪᠴᠢᠶᠡᠨ ᠤ ᠲᠤᠨᠤᠭ ᠲᠥᠬᠦᠭᠡᠷᠦᠮᠵᠢ ᠶᠢᠨ ᠰᠢᠨᠡᠴᠢᠯᠡᠯᠲᠡ ᠶᠢ ᠬᠡᠷᠡᠭᠵᠢᠭᠦᠯᠬᠦ ᠳᠤ ᠲᠣᠬᠢᠶᠠᠯᠳᠤᠭᠤᠯᠤᠨ᠂ ᠲᠤᠰᠬᠠᠢ ᠨᠠᠷᠢᠯᠢᠭ ᠣᠨᠴᠠ ᠰᠢᠨ᠎ᠡ ᠳᠤᠮᠳᠠ ᠵᠢᠵᠢᠭ ᠠᠵᠤ  ᠠᠬᠤᠶᠢᠯᠠᠯ ᠤᠨ ᠳ᠋ᠢᠭᠢᠲ᠋ᠠᠯᠴᠢᠯᠠᠭᠰᠠᠨ᠂ ᠣᠶᠤᠨᠴᠢᠯᠠᠭᠰᠠᠨ᠂ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠭᠤᠣᠯᠯᠠᠭᠴᠢ ᠦᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃            ᠬᠤᠷᠠᠯᠳᠤᠭᠠᠨ ᠢᠶᠠᠷ᠂ ᠠᠮᠤᠷ ᠲᠦᠪᠰᠢᠨ ᠪᠣᠯ ᠴᠥᠮ᠎ᠡ ᠶᠢᠨ ᠴᠠᠬᠢᠯᠭᠠᠨ ᠤ ᠬᠥᠭᠵᠢᠯᠲᠡ ᠶᠢᠨ ᠠᠮᠢᠨ  ᠰᠤᠳᠠᠰᠤ   ᠮᠥᠨ᠂ ᠴᠥᠮ᠎ᠡ ᠶᠢᠨ ᠴᠠᠬᠢᠯᠭᠠᠨ ᠤ ᠠᠮᠤᠷ ᠲᠦᠪᠰᠢᠨ ᠤ ᠮᠡᠷᠭᠡᠵᠢᠯ ᠤᠨ ᠬᠢᠷᠢ ᠲᠦᠪᠰᠢᠨ ᠪᠣᠯᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠪᠦᠬᠦ ᠬᠡᠯᠬᠢᠶ᠎ᠡ ᠪᠦᠬᠦ ᠬᠦᠷᠢᠶᠡᠨ ᠳᠠᠬᠢ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠴᠥᠮ᠎ᠡ ᠶᠢᠨ ᠴᠠᠬᠢᠯᠭᠠᠨ ᠤ ᠠᠮᠤᠷ ᠲᠦᠪᠰᠢᠨ ᠳᠤ ᠶᠠᠮᠠᠷ  ᠴᠣ᠋ ᠠᠯᠳᠠᠰᠢ ᠭᠠᠷᠭᠠᠬᠤ ᠦᠭᠡᠢ  ᠪᠠᠶᠢᠬᠤ ᠶᠢ ᠪᠠᠲᠤᠯᠠᠵᠤ᠂ ᠠᠵᠢᠯ ᠲᠦᠷᠦᠯ ᠤᠨ ᠤᠷᠳᠤ ᠬᠤᠭᠤᠴᠠᠭᠠᠨ ᠤ ᠡᠷᠡᠭᠦᠯ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃            ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃ᠳᠡᠪᠰᠢᠭᠦᠯᠦᠭᠴᠢ᠄   ᠲᠡᠷᠭᠡᠯ 
 
ᠢᠷᠡᠯᠲᠡ᠄ ᠦᠪᠦᠷ ᠮᠤᠩᠭᠤᠯ  ᠤᠨ ᠵᠠᠰᠠᠭ  ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2