ᠨᠠᠮ ᠤᠨ ᠲᠥᠪ ᠬᠤᠷᠢᠶ᠎ᠠ ᠳ᠋ᠧᠩ ᠰᠢᠶᠣᠣ ᠫᠢᠩ ᠨᠥᠬᠦᠷ ᠤᠨ ᠮᠡᠨᠳᠦᠯᠡᠭᠰᠡᠨ 120 ᠵᠢᠯ ᠤᠨ ᠤᠢ ᠶᠢ ᠳᠤᠷᠠᠰᠬᠠᠬᠤ | ᠶᠠᠷᠢᠯᠴᠠᠬᠤ ᠬᠤᠷᠠᠯ ᠬᠤᠷᠠᠯᠳᠤᠭᠤᠯᠪᠠ | | ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ᠂ ᠡᠷᠬᠡᠪᠰᠢ ᠳ᠋ᠧᠩ ᠰᠢᠶᠣᠣ ᠫᠢᠩ ᠤᠨ ᠤᠨᠤᠯ ᠢ ᠦᠷᠭᠦᠯᠵᠢᠯᠡᠨ | ᠭᠦᠨᠵᠡᠭᠡᠢ ᠰᠤᠷᠤᠯᠴᠠᠨ ᠬᠡᠷᠡᠭᠯᠡᠵᠦ᠂ ᠲᠡᠭᠦᠨ ᠤ ᠡᠭᠦᠳᠦᠭᠰᠡᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶ᠋ᠢᠭᠡᠮ | ᠵᠢᠷᠤᠮ ᠤᠨ ᠦᠢᠯᠡᠰ ᠢ ᠦᠷᠭᠦᠯᠵᠢᠯᠡᠨ ᠤᠷᠤᠭᠰᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠵᠤᠤ ᠯᠧ ᠵᠢᠢ ᠸᠠᠩ | ᠬᠤᠤ ᠨᠢᠩ ᠳ᠋ᠢᠩ ᠰᠢᠤᠸᠠᠢ ᠰᠢᠶᠠᠩ ᠯᠢ ᠰᠢ ᠬᠠᠨ ᠵᠧᠩ ᠬᠤᠷᠠᠯ ᠳᠤ ᠣᠷᠣᠯᠴᠠᠵᠤ ᠼᠠᠢ ᠴᠢ ᠬᠤᠷᠠᠯ ᠢ ᠡᠷᠭᠢᠯᠡᠪᠡ | | ᠨᠠᠮ ᠤᠨ ᠲᠥᠪ ᠬᠤᠷᠢᠶ᠎ᠠ 22 ᠤᠨ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠶᠠᠷᠢᠯᠴᠠᠬᠤ | ᠬᠤᠷᠠᠯ ᠬᠤᠷᠠᠯᠳᠤᠭᠤᠯᠵᠤ᠂ ᠳ᠋ᠧᠩ ᠰᠢᠶᠣᠣ ᠫᠢᠩ ᠨᠥᠬᠦᠷ ᠤᠨ ᠮᠡᠨᠳᠦᠯᠡᠭᠰᠡᠨ 120 ᠵᠢᠯ ᠤᠨ ᠣᠶ ᠶᠢ ᠳᠤᠷᠠᠰᠬᠠᠪᠠ᠃ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠳ᠋ᠧᠩ ᠰᠢᠶᠣᠣ ᠫᠢᠩ ᠨᠥᠬᠦᠷ ᠪᠣᠯ | ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠨᠡᠶᠢᠳᠡᠮ ᠮᠡᠳᠡᠷᠡᠭᠳᠡᠭᠰᠡᠨ | ᠡᠷᠬᠢᠮ ᠳᠡᠭᠡᠳᠦ ᠨᠡᠷ᠎ᠡ ᠬᠦᠨᠳᠦ ᠲᠠᠢ ᠭᠠᠷᠮᠠᠭᠠᠢ ᠤᠳᠤᠷᠢᠳᠤᠭᠴᠢ᠂ ᠠᠭᠤᠤ ᠶᠡᠭᠡ ᠮᠠᠷᠺᠰ ᠤᠨ ᠦᠵᠡᠯᠲᠡᠨ᠂ ᠦᠭᠡᠭᠦᠦ | ᠠᠩᠭᠢ ᠶᠢᠨ ᠠᠭᠤᠤ ᠶᠡᠭᠡ ᠬᠤᠪᠢᠰᠬᠠᠯᠴᠢ᠂ ᠤᠯᠤᠰ ᠲᠥᠷᠥᠴᠢᠨ᠂ ᠴᠡᠷᠢᠭ ᠤᠨ ᠶᠠᠪᠤᠳᠠᠯ ᠤᠨ ᠡᠷᠳᠡᠮᠲᠡᠨ᠂ ᠭᠠᠳᠠᠭᠠᠳᠤ | ᠬᠠᠷᠢᠯᠴᠠᠭᠠᠨ ᠤ ᠤᠬᠠᠭᠠᠨᠲᠠᠨ᠂ ᠤᠷᠲᠤ ᠬᠤᠭᠤᠴᠠᠭᠠᠨ ᠤ ᠰᠢᠯᠭᠠᠯᠲᠠ ᠶᠢ ᠥᠩᠭᠡᠷᠡᠭᠡᠭᠰᠡᠨ ᠡᠪ ᠬᠠᠮᠲᠤ ᠶᠣᠰᠣᠨ ᠤ | ᠪᠠᠶᠢᠯᠳᠤᠭᠴᠢ᠂ ᠨᠠᠮ ᠤᠨ ᠬᠤᠶᠠᠳᠤᠭᠠᠷ ᠦᠶ᠎ᠡ ᠶᠢᠨ ᠲᠥᠪ ᠬᠤᠷᠢᠶ᠎ᠠ ᠶᠢᠨ ᠤᠳᠤᠷᠢᠳᠬᠤ ᠬᠠᠮᠲᠤ ᠶᠢᠨ ᠭᠤᠣᠯᠯᠠᠭᠴᠢ᠂ | ᠳᠤᠮᠳᠠᠳᠤ ᠤᠯᠤᠰ ᠤᠨ ᠨᠡᠶᠢᠭᠡᠮ ᠵᠢᠷᠤᠮ ᠤᠨ ᠥᠭᠡᠷᠡᠴᠢᠯᠡᠯᠲᠡ ᠨᠡᠭᠡᠭᠡᠯᠲᠡ ᠪᠠ ᠣᠳᠣᠬᠢᠴᠢᠯᠠᠬᠤ ᠪᠦᠲᠦᠭᠡᠨ | ᠪᠠᠶᠢᠭᠤᠯᠤᠯᠲᠠ ᠶᠢᠨ ᠶᠡᠷᠦᠩᠬᠡᠢ ᠲᠥᠰᠥᠪᠯᠡᠭᠴᠢ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠵᠠᠮ ᠢ ᠨᠡᠭᠡᠭᠡᠨ ᠡᠭᠦᠳᠦᠭᠴᠢ᠂ ᠳ᠋ᠧᠩ ᠰᠢᠶᠣᠣ ᠫᠢᠩ ᠤᠨ ᠣᠨᠣᠯ ᠤᠨ ᠭᠤᠣᠯ ᠡᠭᠦᠳᠦᠭᠴᠢ ᠮᠥᠨ᠂ ᠳᠡᠯᠡᠬᠡᠢ ᠶᠢᠨ ᠡᠩᠬᠡ | ᠲᠠᠶᠢᠪᠤᠩ ᠪᠠ ᠬᠥᠭᠵᠢᠯᠲᠡ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠠᠭᠤᠤ ᠶᠡᠭᠡ ᠢᠨᠲ᠋ᠧᠷᠨᠠᠼᠢᠣᠨᠠᠯ ᠤᠨ | ᠦᠵᠡᠯᠲᠡᠨ ᠮᠥᠨ᠃ ᠲᠡᠷᠡ ᠨᠠᠮ᠂ ᠠᠷᠠᠳ ᠲᠦᠮᠡᠨ᠂ ᠤᠯᠤᠰ ᠣᠷᠣᠨ᠂ ᠦᠨᠳᠦᠰᠦᠲᠡᠨ᠂ ᠳᠡᠯᠡᠬᠡᠢ ᠳ᠋ᠠᠬᠢᠨ ᠳᠤ | ᠳᠤᠪᠤᠶᠢᠮ᠎ᠠ ᠬᠤᠪᠢ ᠨᠡᠮᠡᠷᠢ ᠦᠵᠡᠭᠦᠯᠵᠦ᠂ ᠭᠠᠪᠢᠶ᠎ᠠ ᠵᠢᠳᠬᠦᠯ ᠲᠡᠦᠬᠡᠨ ᠬᠠᠭᠤᠳᠠᠰᠤᠨ᠎ᠠ ᠲᠡᠮᠳᠡᠭᠯᠡᠭᠳᠡᠵᠦ᠂ ᠬᠤᠵᠢᠮ ᠤᠨ | ᠬᠥᠮᠥᠰ ᠢ ᠥᠨᠢᠳᠡ ᠵᠣᠷᠢᠭᠵᠢᠭᠤᠯᠵᠤ ᠪᠠᠶᠢᠨ᠎ᠠ ᠭᠡᠵᠦ ᠴᠢᠬᠤᠯᠠᠴᠢᠯᠠᠪᠠ᠃ | 8 ᠰᠠᠷ᠎ᠠ ᠶᠢᠨ 22 ᠤᠨ ᠡᠳᠦᠷ᠂ ᠨᠠᠮ ᠤᠨ ᠲᠥᠪ ᠬᠤᠷᠢᠶ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠳ᠋ᠧᠩ ᠰᠢᠶᠣᠣ ᠫᠢᠩ ᠨᠥᠬᠦᠷ ᠤᠨ ᠮᠡᠨᠳᠦᠯᠡᠭᠰᠡᠨ 120 ᠵᠢᠯ ᠤᠨ ᠤᠢ ᠶᠢ ᠳᠤᠷᠠᠰᠬᠠᠬᠤ ᠶᠠᠷᠢᠯᠴᠠᠬᠤ ᠬᠤᠷᠠᠯ | ᠬᠤᠷᠠᠯᠳᠤᠭᠤᠯᠪᠠ᠃ ᠰᠢ ᠶᠢᠨ ᠫᠢᠩ᠂ ᠵᠤᠤ ᠯᠧ ᠵᠢᠢ᠂ ᠸᠠᠩ ᠬᠤᠤ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ | ᠂ ᠬᠠᠨ ᠵᠧᠩ ᠨᠠᠷ ᠶᠠᠷᠢᠯᠴᠠᠬᠤ ᠬᠤᠷᠠᠯ ᠳᠤ ᠣᠷᠣᠯᠴᠠᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ | ᠰᠡᠭᠦᠳᠡᠷᠯᠡᠪᠡ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠵᠤᠤ ᠯᠧ ᠵᠢᠢ᠂ | ᠸᠠᠩ ᠬᠤᠤ ᠨᠢᠩ᠂ ᠳ᠋ᠢᠩ ᠰᠢᠤᠸᠠᠢ ᠰᠢᠶᠠᠩ᠂ ᠯᠢ ᠰᠢ᠂ ᠤᠯᠤᠰ ᠤᠨ ᠳᠡᠳ᠋ ᠲᠡᠷᠢᠭᠦᠯᠡᠭᠴᠢ ᠬᠠᠨ ᠵᠧᠩ ᠶᠠᠷᠢᠯᠴᠠᠬᠤ | ᠬᠤᠷᠠᠯ ᠳᠤ ᠣᠷᠣᠯᠴᠠᠵᠤ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ | ᠭᠡᠰᠢᠭᠦᠨ ᠼᠠᠢ ᠴᠢ ᠶᠠᠷᠢᠯᠴᠠᠬᠤ ᠬᠤᠷᠠᠯ ᠢ ᠡᠷᠭᠢᠯᠡᠪᠡ᠃ | ᠰᠢ ᠶᠢᠨ ᠫᠢᠩ ᠶᠠᠷᠢᠶᠠᠨ ᠳᠠᠭᠠᠨ᠂ ᠳ᠋ᠧᠩ ᠰᠢᠶᠣᠣ ᠫᠢᠩ ᠨᠥᠬᠦᠷ ᠤᠨ ᠨᠢᠭᠡ ᠨᠠᠰᠤ ᠪᠣᠯ ᠭᠡᠷᠡᠯ ᠰᠠᠴᠤᠷᠠᠩᠭᠤᠢ ᠨᠢᠭᠡ | ᠨᠠᠰᠤ᠂ ᠳᠠᠶᠢᠴᠢᠨ ᠨᠢᠭᠡ ᠨᠠᠰᠤ᠂ ᠠᠭᠤᠤ ᠶᠡᠭᠡ ᠨᠢᠭᠡ ᠨᠠᠰᠤ ᠮᠥᠨ᠃ ᠲᠡᠷᠡ ᠨᠠᠮ ᠤᠨ ᠤᠳᠤᠷᠢᠳᠤᠭᠰᠠᠨ | ᠦᠨᠳᠦᠰᠦᠲᠡᠨ ᠤ ᠲᠤᠰᠠᠭᠠᠷ ᠲᠣᠭᠲᠠᠨᠢᠯ ᠪᠠ ᠠᠷᠠᠳ ᠤᠨ ᠴᠢᠯᠦᠭᠡᠯᠡᠯᠲᠡ ᠶᠢᠨ ᠦᠢᠯᠡᠰ᠂ ᠰᠢᠨ᠎ᠡ ᠳᠤᠮᠳᠠᠳᠤ ᠤᠯᠤᠰ ᠢ | ᠪᠠᠶᠢᠭᠤᠯᠬᠤ ᠳᠤ ᠭᠠᠷᠮᠠᠭᠠᠢ ᠬᠤᠪᠢ ᠨᠡᠮᠡᠷᠢ ᠦᠵᠡᠭᠦᠯᠵᠦ᠂ ᠨᠡᠶᠢᠭᠡᠮ ᠵᠢᠷᠤᠮ ᠤᠨ ᠪᠠᠶᠢᠭᠤᠯᠤᠯ ᠢ ᠪᠠᠶᠢᠭᠤᠯᠬᠤ ᠪᠠ | ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠳᠤ ᠮᠠᠰᠢ ᠪᠦᠲᠦᠮᠵᠢᠲᠡᠢ ᠠᠵᠢᠯ ᠥᠷᠨᠢᠭᠦᠯᠪᠡ᠃ ︽ᠰᠣᠶᠣᠯ ᠤᠨ ᠶᠡᠭᠡ | ᠬᠤᠪᠢᠰᠬᠠᠯ︾ ᠳᠠᠭᠤᠰᠤᠭᠰᠠᠨ ᠤ ᠳᠠᠷᠠᠭ᠎ᠠ᠂ ᠲᠡᠷᠡ ᠨᠠᠮ ᠤᠨ ᠬᠤᠶᠠᠳᠤᠭᠠᠷ ᠦᠶ᠎ᠡ ᠶᠢᠨ ᠲᠥᠪ ᠬᠤᠷᠢᠶ᠎ᠠ ᠶᠢᠨ | ᠤᠳᠤᠷᠢᠳᠬᠤ ᠬᠠᠮᠲᠤ ᠶᠢᠨ ᠭᠤᠣᠯᠯᠠᠭᠴᠢ ᠪᠣᠯᠤᠭᠰᠠᠨ ᠤ ᠬᠤᠪᠢ ᠳᠤ᠂ ᠨᠠᠮ ᠪᠠ ᠠᠷᠠᠳ ᠲᠦᠮᠡᠨ ᠢ ᠳᠠᠭᠠᠭᠤᠯᠤᠨ ᠠᠭᠤᠤ | ᠶᠡᠭᠡ ᠲᠡᠦᠬᠡᠨ ᠡᠷᠭᠢᠯᠲᠡ ᠶᠢ ᠪᠡᠶᠡᠯᠡᠭᠦᠯᠵᠦ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠰᠢᠨ᠎ᠡ ᠦᠰᠦᠷᠦᠯᠲᠡ ᠶᠢ | ᠪᠡᠶᠡᠯᠡᠭᠦᠯᠬᠦ ᠶᠢ ᠠᠬᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ | ᠡᠭᠦᠳᠴᠦ᠂ ᠡᠬᠡ ᠤᠯᠤᠰ ᠤᠨ ᠪᠦᠷᠢᠨ ᠨᠢᠭᠡᠳᠦᠯ ᠢ ᠪᠡᠶᠡᠯᠡᠭᠦᠯᠬᠦ ᠵᠥᠪ ᠵᠠᠮ ᠢ ᠲᠣᠭᠲᠠᠭᠠᠵᠤ᠂ ᠭᠡᠷᠡᠯ ᠰᠠᠴᠤᠷᠠᠩᠭᠤᠢ | ᠨᠡᠶᠢᠭᠡᠮ ᠵᠢᠷᠤᠮ ᠤᠨ ᠲᠤᠭ ᠢ ᠡᠷᠡᠰ ᠬᠠᠮᠠᠭᠠᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ | ᠠᠮᠵᠢᠯᠲᠠ ᠲᠠᠢ ᠡᠭᠦᠳᠦᠨ ᠨᠡᠭᠡᠭᠡᠵᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳ᠋ᠧᠩ ᠰᠢᠶᠣᠣ ᠫᠢᠩ ᠨᠥᠬᠦᠷ ᠤᠨ ᠲᠡᠦᠬᠡᠲᠦ ᠭᠠᠪᠢᠶ᠎ᠠ ᠵᠢᠳᠬᠦᠯ ᠪᠣᠯ ᠪᠦᠭᠦ ᠲᠠᠯ᠎ᠠ ᠶᠢᠨ ᠪᠥᠭᠡᠳ | ᠡᠭᠦᠳᠦᠯᠲᠡ ᠶᠢᠨ ᠴᠢᠨᠠᠷᠲᠠᠢ ᠶᠤᠮ᠂ ᠳᠤᠮᠳᠠᠳᠤ ᠤᠯᠤᠰ ᠪᠣᠯᠣᠨ ᠳᠡᠯᠡᠬᠡᠢ ᠳ᠋ᠠᠬᠢᠨ ᠳᠤ ᠦᠵᠡᠭᠦᠯᠦᠭᠰᠡᠨ ᠨᠥᠯᠥᠭᠡ ᠭᠦᠨ | ᠭᠦᠨᠵᠡᠭᠡᠢ᠂ ᠠᠯᠤᠰ ᠭᠡᠳᠤ ᠶᠢᠨ ᠶᠤᠮ᠃ ᠲᠡᠭᠦᠨ ᠤ ᠨᠢᠭᠡ ᠨᠠᠰᠤᠨ ᠤ ᠲᠡᠮᠡᠴᠡᠯ ᠤᠨ ᠥᠩᠭᠡᠷᠡᠯᠲᠡ ᠡᠪ ᠬᠠᠮᠲᠤ ᠶᠣᠰᠣᠨ ᠤ | ᠠᠯᠤᠰ ᠭᠡᠳᠦ ᠶᠢᠨ ᠬᠦᠰᠡᠯᠡᠩ ᠪᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠲᠤᠬᠠᠢ ᠢᠲᠡᠭᠡᠯ | ᠪᠢᠰᠢᠷᠡᠯ ᠬᠢᠵᠠᠭᠠᠯᠠᠰᠢ ᠦᠭᠡᠢ ᠪᠠᠲᠤ ᠴᠢᠩᠭ᠎ᠠ ᠡᠷᠬᠢᠮ ᠳᠡᠭᠡᠳᠦ ᠵᠠᠩ ᠰᠤᠷᠲᠠᠯ᠂ ᠠᠷᠠᠳ ᠲᠦᠮᠡᠨ ᠢ ᠬᠢᠵᠠᠭᠠᠯᠠᠰᠢ ᠦᠭᠡᠢ | ᠬᠠᠶᠢᠷᠠᠯᠠᠬᠤ ᠠᠭᠤᠤ ᠶᠡᠭᠡ ᠬᠠᠶᠢᠷ᠎ᠠ ᠰᠡᠳᠬᠢᠯᠭᠡ᠂ ᠦᠨᠡᠨ ᠠᠴᠠ ᠵᠥᠪ ᠢ ᠡᠷᠢᠬᠦ ᠤᠨᠤᠯ ᠤᠨ ᠵᠠᠩ ᠴᠢᠨᠠᠷ᠂ ᠲᠠᠰᠤᠷᠠᠯᠲᠠ | ᠦᠭᠡᠢ ᠵᠠᠮ ᠨᠡᠭᠡᠭᠡᠨ ᠰᠢᠨ᠎ᠡ ᠶᠢ ᠡᠭᠦᠳᠬᠦ ᠤᠯᠤᠰ ᠲᠦᠷᠦ ᠶᠢᠨ ᠰᠥᠰᠥ ᠵᠣᠷᠢᠭ᠂ ᠥᠨᠳᠥᠷ ᠲᠤ ᠵᠣᠭᠰᠣᠨ ᠠᠯᠤᠰ ᠢ | ᠪᠠᠷᠠᠯᠠᠬᠤ ᠪᠠᠶᠢᠯᠳᠤᠬᠤ ᠪᠣᠳᠣᠯᠭ᠎ᠠ ᠶᠢᠨ ᠰᠡᠳᠬᠢᠬᠦᠢ᠂ ᠠᠰᠪᠤᠷ ᠴᠠᠭᠠᠪᠤᠷ ᠭᠤᠶᠠᠴᠢ ᠦᠭᠡᠢ ᠠᠭᠤᠳᠠᠮᠴᠢ ᠪᠠᠭᠲᠠᠭᠠᠮᠵᠢᠲᠠᠢ | ᠬᠡᠬᠦᠳᠡᠭ ᠴᠡᠭᠡᠵᠢ ᠶᠢ ᠭᠦᠢᠴᠡᠳ ᠢᠯᠡᠷᠡᠭᠦᠯᠪᠡ᠃ ᠲᠡᠭᠦᠨ ᠤ ᠠᠭᠤᠤ ᠶᠡᠭᠡ ᠲᠡᠦᠬᠡᠲᠦ ᠭᠠᠪᠢᠶ᠎ᠠ ᠵᠢᠳᠬᠦᠯ ᠢ ᠪᠢᠳᠡ | ᠡᠭᠦᠷᠢᠳᠡ ᠴᠡᠭᠡᠵᠢᠯᠡᠨ᠎ᠡ︔ ᠲᠡᠭᠦᠨ ᠤ ᠡᠷᠬᠢᠮ ᠳᠡᠭᠡᠳᠦ ᠬᠤᠪᠢᠰᠬᠠᠯᠲᠤ ᠬᠡᠪ ᠨᠠᠮᠪᠠ ᠶᠢ ᠪᠢᠳᠡ ᠡᠭᠦᠷᠢᠳᠡ ᠬᠦᠨᠳᠦᠳᠬᠡᠨ | ᠪᠢᠰᠢᠷᠡᠨ᠎ᠡ ᠭᠡᠵᠦ ᠴᠢᠬᠤᠯᠠᠴᠢᠯᠠᠪᠠ᠃ | | | | | | | | 8 ᠰᠠᠷ᠎ᠠ ᠶᠢᠨ 22 ᠤᠨ ᠡᠳᠦᠷ᠂ ᠨᠠᠮ ᠤᠨ ᠲᠥᠪ ᠬᠤᠷᠢᠶ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠳ᠋ᠧᠩ ᠰᠢᠶᠣᠣ ᠫᠢᠩ ᠨᠥᠬᠦᠷ ᠤᠨ ᠮᠡᠨᠳᠦᠯᠡᠭᠰᠡᠨ 120 ᠵᠢᠯ ᠤᠨ ᠤᠢ ᠶᠢ ᠳᠤᠷᠠᠰᠬᠠᠬᠤ ᠶᠠᠷᠢᠯᠴᠠᠬᠤ ᠬᠤᠷᠠᠯ | ᠬᠤᠷᠠᠯᠳᠤᠭᠤᠯᠪᠠ᠃ ᠰᠢ ᠶᠢᠨ ᠫᠢᠩ᠂ ᠵᠤᠤ ᠯᠧ ᠵᠢᠢ᠂ ᠸᠠᠩ ᠬᠤᠣ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ | ᠂ ᠬᠠᠨ ᠵᠧᠩ ᠨᠠᠷ ᠶᠠᠷᠢᠯᠴᠠᠬᠤ ᠬᠤᠷᠠᠯ ᠳᠤ ᠣᠷᠣᠯᠴᠠᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ | ᠰᠡᠭᠦᠳᠡᠷᠯᠡᠪᠡ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠵᠤᠤ ᠯᠧ ᠵᠢᠢ᠂ | ᠸᠠᠩ ᠬᠤᠣ ᠨᠢᠩ᠂ ᠳ᠋ᠢᠩ ᠰᠢᠤᠸᠠᠢ ᠰᠢᠶᠠᠩ᠂ ᠯᠢ ᠰᠢ᠂ ᠤᠯᠤᠰ ᠤᠨ ᠳᠡᠳ᠋ ᠲᠡᠷᠢᠭᠦᠯᠡᠭᠴᠢ ᠬᠠᠨ ᠵᠧᠩ ᠶᠠᠷᠢᠯᠴᠠᠬᠤ | ᠬᠤᠷᠠᠯ ᠳᠤ ᠣᠷᠣᠯᠴᠠᠵᠤ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ | ᠭᠡᠰᠢᠭᠦᠨ ᠼᠠᠢ ᠴᠢ ᠶᠠᠷᠢᠯᠴᠠᠬᠤ ᠬᠤᠷᠠᠯ ᠢ ᠡᠷᠭᠢᠯᠡᠪᠡ᠃ | ᠰᠢ ᠶᠢᠨ ᠫᠢᠩ ᠶᠠᠷᠢᠶᠠᠨ ᠳᠠᠭᠠᠨ᠂ ᠳ᠋ᠧᠩ ᠰᠢᠶᠣᠣ ᠫᠢᠩ ᠨᠥᠬᠦᠷ ᠤᠨ ᠨᠢᠭᠡ ᠨᠠᠰᠤ ᠪᠣᠯ ᠭᠡᠷᠡᠯ ᠰᠠᠴᠤᠷᠠᠩᠭᠤᠢ ᠨᠢᠭᠡ | ᠨᠠᠰᠤ᠂ ᠳᠠᠶᠢᠴᠢᠨ ᠨᠢᠭᠡ ᠨᠠᠰᠤ᠂ ᠠᠭᠤᠤ ᠶᠡᠭᠡ ᠨᠢᠭᠡ ᠨᠠᠰᠤ ᠮᠥᠨ᠃ ᠲᠡᠷᠡ ᠨᠠᠮ ᠤᠨ ᠤᠳᠤᠷᠢᠳᠤᠭᠰᠠᠨ | ᠦᠨᠳᠦᠰᠦᠲᠡᠨ ᠤ ᠲᠤᠰᠠᠭᠠᠷ ᠲᠣᠭᠲᠠᠨᠢᠯ ᠪᠠ ᠠᠷᠠᠳ ᠤᠨ ᠴᠢᠯᠦᠭᠡᠯᠡᠯᠲᠡ ᠶᠢᠨ ᠦᠢᠯᠡᠰ᠂ ᠰᠢᠨ᠎ᠡ ᠳᠤᠮᠳᠠᠳᠤ ᠤᠯᠤᠰ ᠢ | ᠪᠠᠶᠢᠭᠤᠯᠬᠤ ᠳᠤ ᠭᠠᠷᠮᠠᠭᠠᠢ ᠬᠤᠪᠢ ᠨᠡᠮᠡᠷᠢ ᠦᠵᠡᠭᠦᠯᠵᠦ᠂ ᠨᠡᠶᠢᠭᠡᠮ ᠵᠢᠷᠤᠮ ᠤᠨ ᠪᠠᠶᠢᠭᠤᠯᠤᠯ ᠢ ᠪᠠᠶᠢᠭᠤᠯᠬᠤ ᠪᠠ | ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠳᠤ ᠮᠠᠰᠢ ᠪᠦᠲᠦᠮᠵᠢᠲᠡᠢ ᠠᠵᠢᠯ ᠥᠷᠨᠢᠭᠦᠯᠪᠡ᠃ ︽ᠰᠣᠶᠣᠯ ᠤᠨ ᠶᠡᠭᠡ | ᠬᠤᠪᠢᠰᠬᠠᠯ︾ ᠳᠠᠭᠤᠰᠤᠭᠰᠠᠨ ᠤ ᠳᠠᠷᠠᠭ᠎ᠠ᠂ ᠲᠡᠷᠡ ᠨᠠᠮ ᠤᠨ ᠬᠤᠶᠠᠳᠤᠭᠠᠷ ᠦᠶ᠎ᠡ ᠶᠢᠨ ᠲᠥᠪ ᠬᠤᠷᠢᠶ᠎ᠠ ᠶᠢᠨ | ᠤᠳᠤᠷᠢᠳᠬᠤ ᠬᠠᠮᠲᠤ ᠶᠢᠨ ᠭᠤᠣᠯᠯᠠᠭᠴᠢ ᠪᠣᠯᠤᠭᠰᠠᠨ ᠤ ᠬᠤᠪᠢ ᠳᠤ᠂ ᠨᠠᠮ ᠪᠠ ᠠᠷᠠᠳ ᠲᠦᠮᠡᠨ ᠢ ᠳᠠᠭᠠᠭᠤᠯᠤᠨ ᠠᠭᠤᠤ | ᠶᠡᠭᠡ ᠲᠡᠦᠬᠡᠨ ᠡᠷᠭᠢᠯᠲᠡ ᠶᠢ ᠪᠡᠶᠡᠯᠡᠭᠦᠯᠵᠦ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠰᠢᠨ᠎ᠡ ᠦᠰᠦᠷᠦᠯᠲᠡ ᠶᠢ | ᠪᠡᠶᠡᠯᠡᠭᠦᠯᠬᠦ ᠶᠢ ᠠᠬᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ | ᠪᠠᠶᠢᠳᠠᠯ ᠢ ᠡᠭᠦᠳᠴᠦ᠂ ᠡᠬᠡ ᠤᠯᠤᠰ ᠤᠨ ᠪᠦᠷᠢᠨ ᠨᠢᠭᠡᠳᠦᠯ ᠢ ᠪᠡᠶᠡᠯᠡᠭᠦᠯᠬᠦ ᠵᠥᠪ ᠵᠠᠮ ᠢ ᠲᠣᠭᠲᠠᠭᠠᠵᠤ᠂ ᠭᠡᠷᠡᠯ | ᠰᠠᠴᠤᠷᠠᠩᠭᠤᠢ ᠨᠡᠶᠢᠭᠡᠮ ᠵᠢᠷᠤᠮ ᠤᠨ ᠲᠤᠭ ᠢ ᠡᠷᠡᠰ ᠬᠠᠮᠠᠭᠠᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠢ ᠠᠮᠵᠢᠯᠲᠠ ᠲᠠᠢ ᠡᠭᠦᠳᠦᠨ ᠨᠡᠭᠡᠭᠡᠵᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳ᠋ᠧᠩ ᠰᠢᠶᠣᠣ ᠫᠢᠩ ᠨᠥᠬᠦᠷ ᠤᠨ ᠲᠡᠦᠬᠡᠲᠦ ᠭᠠᠪᠢᠶ᠎ᠠ ᠵᠢᠳᠬᠦᠯ ᠪᠣᠯ ᠪᠦᠭᠦ ᠲᠠᠯ᠎ᠠ ᠶᠢᠨ | ᠪᠥᠭᠡᠳ ᠡᠭᠦᠳᠦᠯᠲᠡ ᠶᠢᠨ ᠴᠢᠨᠠᠷᠲᠠᠢ ᠶᠤᠮ᠂ ᠳᠤᠮᠳᠠᠳᠤ ᠤᠯᠤᠰ ᠪᠣᠯᠣᠨ ᠳᠡᠯᠡᠬᠡᠢ ᠳ᠋ᠠᠬᠢᠨ ᠳᠤ ᠦᠵᠡᠭᠦᠯᠦᠭᠰᠡᠨ ᠨᠥᠯᠥᠭᠡ | ᠭᠦᠨ ᠭᠦᠨᠵᠡᠭᠡᠢ᠂ ᠠᠯᠤᠰ ᠭᠡᠳᠤ ᠶᠢᠨ ᠶᠤᠮ᠃ ᠲᠡᠭᠦᠨ ᠤ ᠨᠢᠭᠡ ᠨᠠᠰᠤᠨ ᠤ ᠲᠡᠮᠡᠴᠡᠯ ᠤᠨ ᠥᠩᠭᠡᠷᠡᠯᠲᠡ ᠡᠪ ᠬᠠᠮᠲᠤ | ᠶᠣᠰᠣᠨ ᠤ ᠠᠯᠤᠰ ᠭᠡᠳᠦ ᠶᠢᠨ ᠬᠦᠰᠡᠯᠡᠩ ᠪᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠲᠤᠬᠠᠢ | ᠢᠲᠡᠭᠡᠯ ᠪᠢᠰᠢᠷᠡᠯ ᠬᠢᠵᠠᠭᠠᠯᠠᠰᠢ ᠦᠭᠡᠢ ᠪᠠᠲᠤ ᠴᠢᠩᠭ᠎ᠠ ᠡᠷᠬᠢᠮ ᠳᠡᠭᠡᠳᠦ ᠵᠠᠩ ᠰᠤᠷᠲᠠᠯ᠂ ᠠᠷᠠᠳ ᠲᠦᠮᠡᠨ ᠢ ᠬᠢᠵᠠᠭᠠᠯᠠᠰᠢ | ᠦᠭᠡᠢ ᠬᠠᠶᠢᠷᠠᠯᠠᠬᠤ ᠠᠭᠤᠤ ᠶᠡᠭᠡ ᠬᠠᠶᠢᠷ᠎ᠠ ᠰᠡᠳᠬᠢᠯᠭᠡ᠂ ᠦᠨᠡᠨ ᠠᠴᠠ ᠵᠥᠪ ᠢ ᠡᠷᠢᠬᠦ ᠤᠨᠤᠯ ᠤᠨ ᠵᠠᠩ ᠴᠢᠨᠠᠷ᠂ | ᠲᠠᠰᠤᠷᠠᠯᠲᠠ ᠦᠭᠡᠢ ᠵᠠᠮ ᠨᠡᠭᠡᠭᠡᠨ ᠰᠢᠨ᠎ᠡ ᠶᠢ ᠡᠭᠦᠳᠬᠦ ᠤᠯᠤᠰ ᠲᠦᠷᠦ ᠶᠢᠨ ᠰᠥᠰᠥ ᠵᠣᠷᠢᠭ᠂ ᠥᠨᠳᠥᠷ ᠲᠤ ᠵᠣᠭᠰᠣᠨ | ᠠᠯᠤᠰ ᠢ ᠪᠠᠷᠠᠯᠠᠬᠤ ᠪᠠᠶᠢᠯᠳᠤᠬᠤ ᠪᠣᠳᠣᠯᠭ᠎ᠠ ᠶᠢᠨ ᠰᠡᠳᠬᠢᠬᠦᠢ᠂ ᠠᠰᠪᠤᠷ ᠴᠠᠭᠠᠪᠤᠷ ᠭᠤᠶᠠᠴᠢ ᠦᠭᠡᠢ ᠠᠭᠤᠳᠠᠮᠴᠢ | ᠪᠠᠭᠲᠠᠭᠠᠮᠵᠢᠲᠠᠢ ᠬᠡᠬᠦᠳᠡᠭ ᠴᠡᠭᠡᠵᠢ ᠶᠢ ᠭᠦᠢᠴᠡᠳ ᠢᠯᠡᠷᠡᠭᠦᠯᠪᠡ᠃ ᠲᠡᠭᠦᠨ ᠤ ᠠᠭᠤᠤ ᠶᠡᠭᠡ ᠲᠡᠦᠬᠡᠲᠦ ᠭᠠᠪᠢᠶ᠎ᠠ ᠵᠢᠳᠬᠦᠯ ᠢ | ᠪᠢᠳᠡ ᠡᠭᠦᠷᠢᠳᠡ ᠴᠡᠭᠡᠵᠢᠯᠡᠨ᠎ᠡ︔ ᠲᠡᠭᠦᠨ ᠤ ᠡᠷᠬᠢᠮ ᠳᠡᠭᠡᠳᠦ ᠬᠤᠪᠢᠰᠬᠠᠯᠲᠤ ᠬᠡᠪ ᠨᠠᠮᠪᠠ ᠶᠢ ᠪᠢᠳᠡ ᠡᠭᠦᠷᠢᠳᠡ | ᠬᠦᠨᠳᠦᠳᠬᠡᠨ ᠪᠢᠰᠢᠷᠡᠨ᠎ᠡ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳ᠋ᠧᠩ ᠰᠢᠶᠣᠣ ᠫᠢᠩ ᠨᠥᠬᠦᠷ ᠤᠨ ᠪᠢᠳᠡᠨ ᠳᠤ ᠦᠯᠡᠳᠡᠭᠡᠵᠦ ᠥᠭᠭᠦᠭᠰᠡᠨ ᠬᠠᠮᠤᠭ ᠤᠨ | ᠴᠢᠬᠤᠯᠠ ᠦᠵᠡᠯ ᠰᠠᠨᠠᠭᠠᠨ ᠤ ᠡᠳ᠋ ᠪᠠᠶᠠᠯᠢᠭ ᠪᠣᠯ ᠲᠡᠭᠦᠨ ᠤ ᠭᠤᠣᠯᠯᠠᠨ ᠡᠭᠦᠳᠦᠨ ᠪᠠᠶᠢᠭᠤᠯᠤᠭᠰᠠᠨ ᠳ᠋ᠧᠩ ᠰᠢᠶᠣᠣ | ᠫᠢᠩ ᠤᠨ ᠤᠨᠤᠯ ᠪᠣᠯᠣᠨ᠎ᠠ᠃ ᠳ᠋ᠧᠩ ᠰᠢᠶᠣᠣ ᠫᠢᠩ ᠤᠨ ᠤᠨᠤᠯ ᠪᠣᠯ ᠮᠠᠷᠺᠰ ᠤᠨ ᠦᠵᠡᠯ ᠢ ᠳᠤᠮᠳᠠᠳᠤ ᠤᠯᠤᠰᠴᠢᠯᠠᠵᠤ | ᠴᠠᠭ ᠦᠶᠡᠴᠢᠯᠡᠭᠰᠡᠨ ᠤ ᠴᠢᠬᠤᠯᠠ ᠪᠡᠯᠭᠡ ᠲᠡᠮᠳᠡᠭ ᠮᠥᠨ᠃ ᠰᠢᠨ᠎ᠡ ᠴᠠᠭ ᠦᠶ᠎ᠡ ᠰᠢᠨ᠎ᠡ ᠠᠶᠠᠨ ᠳᠤ᠂ ᠪᠢᠳᠡ ᠡᠷᠬᠡᠪᠰᠢ | ᠳ᠋ᠧᠩ ᠰᠢᠶᠣᠣ ᠫᠢᠩ ᠤᠨ ᠤᠨᠤᠯ ᠢ ᠦᠷᠭᠦᠯᠵᠢᠯᠡᠨ ᠭᠦᠨᠵᠡᠭᠡᠢ ᠰᠤᠷᠤᠯᠴᠠᠨ ᠬᠡᠷᠡᠭᠯᠡᠵᠦ᠂ ᠲᠡᠭᠦᠨ ᠤ ᠰᠢᠨᠵᠢᠯᠡᠬᠦ ᠤᠬᠠᠭᠠᠨᠴᠢ | ᠠᠭᠤᠯᠤᠭᠳᠠᠬᠤᠨ᠂ ᠭᠤᠣᠯ ᠴᠢᠬᠤᠯᠠ ᠠᠭᠤᠯᠭ᠎ᠠ ᠶᠢ ᠪᠦᠷᠢᠨ ᠪᠦᠲᠦᠨ᠂ ᠵᠥᠪ ᠣᠨᠣᠪᠴᠢᠲᠠᠢ ᠤᠶᠢᠯᠭᠠᠵᠣ᠂ ᠳ᠋ᠧᠩ | ᠰᠢᠶᠣᠣ ᠫᠢᠩ ᠨᠥᠬᠦᠷ ᠤᠨ ᠨᠡᠶᠢᠭᠡᠮ ᠵᠢᠷᠤᠮ ᠤᠨ ᠵᠢᠮ᠎ᠡ ᠶᠣᠰᠣᠴᠢ ᠴᠢᠨᠠᠷᠲᠠᠢ ᠲᠠᠨᠢᠯᠲᠠ ᠳᠤ ᠰᠠᠭᠤᠷᠢᠯᠠᠨ ᠳᠤᠷᠠᠳᠤᠭᠰᠠᠨ | ᠴᠢᠬᠤᠯᠠ ᠶᠡᠭᠡ ᠳ᠋ᠦ᠋ᠩᠨᠡᠯᠲᠡ᠂ ᠦᠨᠳᠦᠰᠦᠨ ᠦᠵᠡᠯᠲᠡ᠂ ᠵᠥᠪ ᠵᠣᠷᠢᠯᠲᠠ ᠶᠢ ᠪᠠᠷᠢᠮᠲᠠᠯᠠᠬᠤ ᠮᠥᠷᠲᠡᠭᠡᠨ ᠪᠠᠰᠠ | ᠲᠠᠰᠤᠷᠠᠯᠳᠠ ᠦᠭᠡᠢ ᠬᠤᠪᠢᠷᠠᠵᠤ ᠪᠠᠶᠢᠭ᠎ᠠ ᠪᠠᠶᠢᠳᠠᠯ ᠢ ᠦᠨᠳᠦᠰᠦᠯᠡᠨ᠂ ᠤᠨᠤᠯ ᠤᠨ ᠭᠤᠣᠯ ᠴᠢᠮᠦᠭᠡ ᠪᠠ ᠮᠥᠨ ᠴᠢᠨᠠᠷ ᠢ | ᠵᠥᠪ ᠡᠵᠡᠮᠳᠡᠵᠦ᠂ ᠪᠣᠳᠠᠲᠤ ᠠᠰᠠᠭᠤᠳᠠᠯ ᠢ ᠰᠢᠢᠳᠪᠦᠷᠢᠯᠡᠬᠦ ᠳᠤ ᠬᠡᠷᠡᠭᠯᠡᠵᠦ᠂ ᠦᠨᠡᠨ ᠶᠣᠰᠣ ᠶᠢ ᠭᠤᠶᠢᠪᠢᠰᠢ ᠦᠭᠡᠢ | ᠪᠠᠷᠢᠮᠲᠠᠯᠠᠨ᠂ ᠦᠢᠯᠡᠳᠦᠯᠭᠡ ᠶᠢ ᠵᠢᠯᠤᠭᠤᠳᠬᠤ ᠳᠤ ᠬᠡᠯᠪᠡᠶᠢᠬᠦ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠮᠠᠷᠺᠰ | ᠯᠧᠨᠢᠨ ᠤ ᠦᠵᠡᠯ᠂ ᠮᠠᠤ ᠽᠧ ᠳ᠋ᠦ᠋ᠩ ᠤᠨ ᠦᠵᠡᠯ ᠰᠠᠨᠠᠭ᠎ᠠ᠂ ᠳ᠋ᠧᠩ ᠰᠢᠶᠣᠣ ᠫᠢᠩ ᠤᠨ ᠣᠨᠣᠯ᠂ ︽ᠭᠤᠷᠪᠠ ᠶᠢ | ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠢᠮᠠᠭᠲᠠ | ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠮᠠᠷᠺᠰ ᠤᠨ ᠦᠵᠡᠯ ᠤᠨ ᠠᠮᠢᠨ ᠰᠤᠳᠠᠰᠤ᠂ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠤᠨ ᠦᠨᠳᠦᠰᠦ ᠰᠤᠷᠪᠤᠯᠵᠢ ᠶᠢ ᠢᠮᠠᠭᠲᠠ ᠪᠠᠲᠤ ᠰᠠᠬᠢᠵᠤ᠂ ᠬᠥᠮᠥᠨ ᠲᠥᠷᠥᠯᠬᠢᠲᠡᠨ ᠤ | ᠨᠡᠶᠢᠭᠡᠮ ᠤᠨ ᠠᠯᠢᠪᠠ ᠰᠢᠯᠢᠳᠡᠭ ᠪᠣᠯᠪᠠᠰᠤᠨ ᠤ ᠦᠷ᠎ᠡ ᠪᠦᠲᠦᠭᠡᠯ ᠢᠶᠠᠷ ᠲᠣᠯᠢ ᠪᠤᠯᠭᠠᠬᠤ ᠳᠠᠭᠠᠨ ᠴᠢᠳᠠᠮᠠᠭᠠᠢ ᠪᠠᠶᠢᠵᠤ᠂ | ᠦᠨᠡᠨ ᠶᠣᠰᠣ ᠶᠢ ᠲᠠᠰᠤᠷᠠᠯᠲᠠ ᠦᠭᠡᠢ ᠰᠦᠪᠡᠭᠴᠢᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠪᠣᠳᠠᠲᠠᠢ ᠠᠰᠠᠭᠤᠳᠠᠯ ᠢ ᠭᠦᠨᠵᠡᠭᠡᠢ ᠰᠤᠳᠤᠯᠵᠤ᠂ ᠳᠤᠮᠳᠠᠳᠤ ᠤᠯᠤᠰ ᠤᠨ ᠠᠰᠠᠭᠤᠯᠲᠠ᠂ ᠵᠢᠷᠲᠢᠨᠴᠦ ᠶᠢᠨ | ᠠᠰᠠᠭᠤᠯᠲᠠ᠂ ᠠᠷᠠᠳ ᠲᠦᠮᠡᠨ ᠤ ᠠᠰᠠᠭᠤᠯᠲᠠ᠂ ᠴᠠᠭ ᠦᠶ᠎ᠡ ᠶᠢᠨ ᠠᠰᠠᠭᠤᠯᠲᠠ ᠶᠢ ᠭᠦᠨᠵᠡᠭᠡᠢ ᠬᠠᠷᠢᠭᠤᠯᠵᠤ᠂ | ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ ᠦᠷᠭᠦᠯᠵᠢᠯᠡᠨ ᠠᠬᠢᠭᠤᠯᠵᠤ᠂ ᠣᠳᠣ ᠦᠶ᠎ᠡ ᠶᠢᠨ | ᠳᠤᠮᠳᠠᠳᠤ ᠤᠯᠤᠰ ᠤᠨ ᠮᠠᠷᠺᠰ ᠤᠨ ᠦᠵᠡᠯ᠂ 21 ᠳ᠋ᠦᠭᠡᠷ ᠵᠠᠭᠤᠨ ᠤ ᠮᠠᠷᠺᠰ ᠤᠨ ᠦᠵᠡᠯ ᠢ ᠨᠡᠩ ᠭᠡᠷᠡᠯ ᠰᠠᠴᠤᠷᠠᠩᠭᠤᠢ | ᠦᠨᠡᠨ ᠶᠣᠰᠣᠨ ᠤ ᠭᠡᠷᠡᠯ ᠭᠢᠯᠪᠠᠭ᠎ᠠ ᠪᠠᠨ ᠰᠠᠴᠤᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳ᠋ᠧᠩ ᠰᠢᠶᠣᠣ ᠫᠢᠩ ᠨᠥᠬᠦᠷ ᠢ ᠳᠤᠷᠠᠰᠬᠠᠬᠤ ᠬᠠᠮᠤᠭ ᠤᠨ ᠰᠠᠶᠢᠨᠠᠷᠭᠠ ᠪᠣᠯ ᠲᠡᠭᠦᠨ ᠤ | ᠡᠭᠦᠳᠦᠭᠰᠡᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠢ ᠦᠷᠭᠦᠯᠵᠢᠯᠡᠨ ᠤᠷᠤᠭᠰᠢ | ᠠᠬᠢᠭᠤᠯᠬᠤ ᠶᠠᠪᠤᠳᠠᠯ ᠪᠣᠯᠣᠨ᠎ᠠ᠃ ᠪᠢᠳᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ | ᠠᠬᠢᠭᠤᠯᠬᠤ ᠡᠨᠡ ᠬᠦ᠋ ᠭᠤᠣᠯ ᠡᠭᠦᠷᠭᠡ ᠶᠢᠨ ᠲᠣᠭᠤᠷᠢᠨ ᠳᠤ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ | ᠨᠡᠭᠡᠭᠡᠵᠦ᠂ ᠡᠷᠡᠮᠡᠬᠡᠶᠢᠯᠡᠨ ᠤᠷᠤᠭᠰᠢᠯᠠᠬᠤ ᠬᠡᠷᠡᠭᠲᠡᠢ᠃ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ | ᠪᠠᠷᠢᠮᠲᠠᠯᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠳᠦᠷᠢᠮ ᠤᠨ ᠪᠠᠲᠤᠯᠠᠭ᠎ᠠ | ᠬᠠᠩᠭᠠᠬᠤ ᠬᠡᠷᠡᠭᠲᠡᠢ᠃ ᠴᠢᠨᠠᠷ ᠰᠠᠶᠢᠲᠠᠢ ᠬᠥᠭᠵᠢᠭᠦᠯᠬᠦ ᠡᠨᠡ ᠬᠦ᠋ ᠲᠡᠷᠢᠭᠦᠨ ᠴᠢᠬᠤᠯᠠ ᠡᠭᠦᠷᠭᠡ ᠶᠢ ᠴᠢᠩᠭ᠎ᠠ ᠠᠳᠬᠤᠵᠤ᠂ | ᠰᠢᠨ᠎ᠡ ᠬᠥᠭᠵᠢᠯᠲᠡ ᠶᠢᠨ ᠤᠶᠢᠯᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ | ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ︽ | ᠳᠥᠷᠪᠡᠨ ᠪᠦᠭᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ | ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠥᠨᠳᠥᠷ ᠲᠦᠪᠰᠢᠨ ᠪᠦᠬᠦᠢ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ ᠠᠬᠢᠭᠤᠯᠵᠤ᠂ ᠨᠡᠶᠢᠭᠡᠮ ᠵᠢᠷᠤᠮ ᠤᠨ | ᠲᠡᠷᠢᠭᠦᠨ ᠤ ᠰᠣᠶᠣᠯ ᠢ ᠶᠡᠭᠡ ᠪᠠᠷ ᠬᠥᠭᠵᠢᠭᠦᠯᠵᠦ᠂ ᠪᠣᠳᠠᠰ ᠤᠨ ᠪᠣᠯᠪᠠᠰᠤᠨ ᠪᠣᠯᠣᠨ ᠣᠶᠤᠨ ᠤ ᠪᠣᠯᠪᠠᠰᠤᠨ ᠢ ᠬᠠᠷᠢᠯᠴᠠᠨ | ᠵᠣᠬᠢᠴᠠᠭᠤᠯᠤᠭᠰᠠᠨ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠰᠠᠶᠢᠨ ᠰᠠᠶᠢᠬᠠᠨ ᠪᠠᠶᠢᠳᠠᠯ ᠢ | ᠪᠦᠷᠢᠯᠳᠦᠭᠦᠯᠬᠦ ᠬᠡᠷᠡᠭᠲᠡᠢ᠃ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠪᠦᠭᠦ ᠶᠠᠪᠤᠴᠠ ᠶᠢᠨ ᠠᠷᠠᠳ ᠤᠨ | ᠠᠷᠠᠳᠴᠢᠯᠠᠯ ᠢ ᠬᠥᠭᠵᠢᠭᠦᠯᠵᠦ᠂ ᠨᠡᠩ ᠥᠨᠳᠥᠷ ᠲᠦᠪᠰᠢᠨ ᠪᠦᠬᠦᠢ ᠬᠠᠤᠯᠢ ᠪᠠᠷ ᠵᠠᠰᠠᠬᠤ ᠳᠤᠮᠳᠠᠳᠤ ᠤᠯᠤᠰ ᠢ ᠪᠦᠲᠦᠭᠡᠨ | ᠪᠠᠶᠢᠭᠤᠯᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠪᠦᠭᠦ | ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠠᠬᠢᠭᠤᠯᠵᠤ ᠲᠠᠰᠤᠷᠠᠯᠲᠠ ᠦᠭᠡᠢ ᠨᠡᠩ ᠢᠯᠡᠷᠬᠡᠢ ᠮᠥᠨ ᠴᠢᠨᠠᠷ ᠤᠨ | ᠠᠬᠢᠴᠠ ᠲᠠᠢ ᠪᠤᠯᠭᠠᠬᠤ ᠬᠡᠷᠡᠭᠲᠡᠢ᠃ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠵᠤ᠂ ᠳᠦᠷᠢᠮ ᠤᠨ | ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ | ᠪᠠᠶᠢᠭᠤᠯᠵᠤ ᠴᠢᠨᠠᠷ ᠰᠠᠶ᠋ᠢᠲᠠᠢ ᠬᠥᠭᠵᠢᠭᠦᠯᠬᠦ ᠶᠢ ᠠᠬᠢᠭᠤᠯᠵᠤ᠂ ᠨᠡᠭᠡᠭᠡᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ | ᠲᠥᠯᠥᠪᠯᠡᠵᠦ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠬᠤ | ᠬᠡᠷᠡᠭᠲᠡᠢ᠃ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠤᠶᠢᠪᠢᠰᠢ ᠦᠭᠡᠢ ᠠᠬᠢᠭᠤᠯᠵᠤ᠂ ᠪᠦᠭᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠵᠦ᠂ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ | ᠳᠠᠶᠢᠯᠠᠯᠳᠤᠭᠠᠨ ᠤᠳᠠᠭᠠᠨ ᠳᠠᠭᠠᠭᠠᠮᠠᠭᠠᠢ ᠳᠠᠶᠢᠨ ᠤ ᠢᠯᠠᠯᠲᠠ ᠶᠢ ᠵᠠᠪᠠᠯ ᠲᠡᠮᠡᠴᠡᠨ ᠣᠯᠵᠤ᠂ ᠨᠠᠮ ᠡᠭᠦᠷᠢᠳᠡ ᠴᠢᠨᠠᠷ | ᠬᠤᠪᠢᠷᠠᠬᠤ ᠦᠭᠡᠢ ᠥᠩᠭᠡ ᠬᠤᠪᠢᠷᠠᠬᠤ ᠦᠭᠡᠢ ᠰᠤᠷᠲᠠᠯ ᠬᠤᠪᠢᠷᠠᠬᠤ ᠦᠭᠡᠢ ᠪᠠᠶᠢᠬᠤ ᠶᠢ ᠪᠠᠲᠤᠯᠠᠵᠤ᠂ ᠢᠮᠠᠭᠲᠠ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠪᠠᠲᠤ ᠴᠢᠩᠭ᠎ᠠ ᠤᠳᠤᠷᠢᠳᠬᠤ | ᠭᠤᠣᠯᠯᠠᠭᠴᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠡᠬᠡ ᠤᠯᠤᠰ ᠤᠨ ᠪᠦᠷᠢᠨ ᠨᠢᠭᠡᠳᠦᠯ ᠢ ᠪᠡᠶᠡᠯᠡᠭᠦᠯᠬᠦ ᠪᠣᠯ ᠮᠠᠤ ᠽᠧ ᠳ᠋ᠦ᠋ᠩ᠂ ᠳ᠋ᠧᠩ ᠰᠢᠶᠣᠣ ᠫᠢᠩ | ᠵᠡᠷᠭᠡ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠤᠤᠭᠠᠯ ᠬᠦᠰᠡᠯ ᠮᠥᠨ᠂ ᠤᠯᠤᠰ ᠤᠨ ᠳᠣᠲᠣᠭᠠᠳᠤ | ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠬᠠᠮᠲᠤ ᠶᠢᠨ ᠬᠦᠰᠡᠯ ᠡᠷᠡᠮᠡᠯᠵᠡᠯ ᠮᠥᠨ᠂ ᠪᠠᠰᠠ ᠴᠣ᠋ | ᠬᠤᠷᠢᠭᠯᠠᠭᠳᠠᠰᠢ ᠦᠭᠡᠢ ᠲᠡᠦᠬᠡ ᠶᠢᠨ ᠤᠷᠤᠰᠬᠠᠯ ᠮᠥᠨ᠃ ᠪᠢᠳᠡ ︽ᠨᠢᠭᠡ ᠤᠯᠤᠰ ᠲᠤ ᠬᠤᠶᠠᠷ ᠪᠠᠶᠢᠭᠤᠯᠤᠯ ᠢ | ᠬᠡᠷᠡᠭᠵᠢᠭᠦᠯᠬᠦ︾᠂ ︽ᠰᠢᠶᠠᠩᠭᠠᠡᠭᠴᠤᠳ ᠰᠢᠶᠠᠩᠭᠠᠩ ᠢ ᠵᠠᠰᠠᠬᠤ︾᠂ ︽ᠣᠣᠮᠧᠨᠴᠤᠳ ᠣᠣᠮᠧᠨ ᠢ ᠵᠠᠰᠠᠬᠤ︾᠂ ᠳᠡᠭᠡᠳᠦ | ᠬᠡᠮᠵᠢᠶ᠎ᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ ᠦᠷᠭᠦᠯᠵᠢᠯᠡᠨ ᠪᠦᠭᠦ ᠲᠠᠯ᠎ᠠ ᠪᠠᠷ ᠣᠨᠣᠪᠴᠢᠲᠠᠢ᠂ ᠭᠤᠶᠢᠪᠢᠰᠢ ᠦᠭᠡᠢ | ᠲᠤᠭᠤᠰᠢᠯᠠᠭᠤᠯᠵᠤ᠂ ᠰᠢᠶᠠᠩᠭᠠᠩ᠂ ᠣᠣᠮᠧᠨ ᠤ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠤᠯᠠᠮ ᠨᠢᠭᠡ ᠠᠯᠬᠤᠮ | ᠠᠭᠤᠰᠤᠨ ᠣᠷᠣᠵᠤ᠂ ᠨᠡᠩ ᠰᠠᠶᠢᠨ ᠬᠥᠭᠵᠢᠯᠲᠡ ᠶᠢ ᠪᠡᠶᠡᠯᠡᠭᠦᠯᠬᠦ ᠶᠢ ᠳᠡᠮᠵᠢᠨ ᠠᠬᠢᠭᠤᠯᠬᠤ ᠬᠡᠷᠡᠭᠲᠡᠢ᠃ ᠪᠢᠳᠡ ᠰᠢᠨ᠎ᠡ | ᠴᠠᠭ ᠦᠶ᠎ᠡ ᠶᠢᠨ ᠨᠠᠮ ᠤᠨ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠶᠢ ᠭᠤᠶᠢᠪᠢᠰᠢ | ᠦᠭᠡᠢ ᠲᠤᠭᠤᠰᠢᠯᠠᠭᠤᠯᠵᠤ᠂ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ ︽ᠶᠡᠷᠡᠨ ᠬᠤᠶᠠᠷ ᠣᠨ ᠤ ᠬᠠᠮᠲᠤ ᠶᠢᠨ | ᠲᠠᠨᠢᠯᠲᠠ︾ ᠶᠢ ᠪᠠᠷᠢᠮᠲᠠᠯᠠᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠠᠷᠢᠯᠴᠠᠭ᠎ᠠ ᠶᠢᠨ ᠨᠠᠶᠢᠷᠠᠮᠳᠠᠯ ᠢᠶᠠᠷ | ᠬᠥᠭᠵᠢᠬᠦ ᠶᠢ ᠠᠬᠢᠭᠤᠯᠵᠤ᠂ ︽ ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ ᠡᠷᠡᠰ ᠡᠰᠡᠷᠭᠦᠴᠡᠵᠦ᠂ ᠤᠯᠤᠰ ᠤᠨ ᠡᠷᠬᠡ | ᠮᠡᠳᠡᠯ ᠪᠠ ᠨᠤᠲᠤᠭ ᠳᠡᠪᠢᠰᠬᠡᠷ ᠤᠨ ᠪᠦᠷᠢᠨ ᠪᠦᠲᠦᠨ ᠢ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠳᠤᠮᠳᠠᠳᠤ ᠤᠯᠤᠰ ᠪᠣᠯ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠬᠤ ᠡᠷᠡᠰ ᠪᠠᠲᠤ | ᠬᠦᠴᠦᠨ ᠮᠥᠨ᠃ ᠪᠢᠳᠡ ᠡᠩᠬᠡ ᠲᠠᠶᠢᠪᠤᠩ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤ ᠪᠠᠷ ᠠᠰᠢᠭ ᠭᠦᠷᠲᠡᠭᠦ ᠲᠤᠭ ᠢ | ᠢᠮᠠᠭᠲᠠ ᠥᠨᠳᠥᠷ ᠮᠠᠨᠳᠤᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠶᠢ ᠠᠬᠢᠭᠤᠯᠵᠤ᠂ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠥᠷᠲᠡᠭ ᠢ ᠪᠠᠳᠠᠷᠠᠭᠤᠯᠵᠤ᠂ ᠪᠦᠭᠦ | ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ | ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ | ᠰᠢᠰᠲ᠋ᠧᠮ ᠤᠨ ᠥᠭᠡᠷᠡᠴᠢᠯᠡᠯᠲᠡ ᠪᠠ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨ᠎ᠡ ᠠᠬᠢᠴᠠ ᠪᠠᠷ ᠳᠡᠯᠡᠬᠡᠢ ᠳ᠋ᠠᠬᠢᠨ ᠳᠤ ᠲᠠᠰᠤᠷᠠᠯᠲᠠ ᠦᠭᠡᠢ ᠰᠢᠨ᠎ᠡ ᠠᠵᠠ ᠲᠣᠭᠢᠶᠠᠯ ᠬᠠᠩᠭᠠᠬᠤ | ᠬᠡᠷᠡᠭᠲᠡᠢ ᠭᠡᠵᠦ ᠴᠢᠬᠤᠯᠠᠴᠢᠯᠠᠵᠠᠢ᠃ | ᠼᠠᠢ ᠴᠢ ᠬᠤᠷᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠳ᠋ᠧᠩ ᠰᠢᠶᠣᠣ | ᠫᠢᠩ ᠨᠥᠬᠦᠷ ᠤᠨ ᠭᠡᠷᠡᠯ ᠰᠠᠴᠤᠷᠠᠩᠭᠤᠢ᠂ ᠳᠠᠶᠢᠴᠢᠨ᠂᠂ ᠠᠭᠤᠤ ᠶᠡᠭᠡ ᠨᠢᠭᠡ ᠨᠠᠰᠤ ᠶᠢ ᠭᠦᠨᠵᠡᠭᠡᠢ ᠡᠷᠭᠢᠴᠡᠭᠦᠯᠵᠦ᠂ ᠳ᠋ᠧᠩ | ᠰᠢᠶᠣᠣ ᠫᠢᠩ ᠨᠥᠬᠦᠷ ᠨᠠᠮ ᠪᠣᠯᠣᠨ ᠠᠷᠠᠳ ᠲᠦᠮᠡᠨ ᠢ ᠳᠠᠭᠠᠭᠤᠯᠤᠨ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠲᠡ | ᠪᠣᠯᠣᠨ ᠨᠡᠶ᠋ᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ ᠴᠠᠭ ᠦᠶ᠎ᠡ ᠶᠢ ᠠᠮᠵᠢᠯᠲᠠ ᠲᠠᠢ | ᠨᠡᠭᠡᠭᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠡᠭᠦᠳᠴᠦ᠂ ᠳ᠋ᠧᠩ ᠰᠢᠶᠣᠣ ᠫᠢᠩ ᠤᠨ | ᠤᠨᠤᠯ ᠢ ᠡᠭᠦᠳᠦᠭᠰᠡᠨ ᠠᠭᠤᠤ ᠶᠡᠭᠡ ᠲᠡᠦᠬᠡᠲᠦ ᠭᠠᠪᠢᠶ᠎ᠠ ᠵᠢᠳᠬᠦᠯ ᠢ ᠳᠡᠭᠡᠳᠦ ᠬᠡᠮᠵᠢᠶ᠎ᠡ ᠪᠠᠷ ᠦᠨᠡᠯᠡᠵᠦ᠂ ᠳ᠋ᠧᠩ ᠰᠢᠶᠣᠣ | ᠫᠢᠩ ᠤᠨ ᠤᠨᠤᠯ ᠢ ᠦᠷᠭᠦᠯᠵᠢᠯᠡᠨ ᠭᠦᠨᠵᠡᠭᠡᠢ ᠰᠤᠷᠤᠯᠴᠠᠨ ᠬᠡᠷᠡᠭᠯᠡᠵᠦ᠂ ᠳ᠋ᠧᠩ ᠰᠢᠶᠣᠣ ᠫᠢᠩ ᠨᠥᠬᠦᠷ ᠤᠨ ᠡᠷᠬᠢᠮ | ᠳᠡᠭᠡᠳᠦ ᠬᠤᠪᠢᠰᠬᠠᠯ ᠤᠨ ᠬᠡᠪ ᠨᠠᠮᠪᠠ ᠶᠢ ᠰᠤᠷᠤᠯᠴᠠᠵᠦ᠂ ᠲᠡᠭᠦᠨ ᠤ ᠡᠭᠦᠳᠦᠭᠰᠡᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠢᠯᠡᠰ ᠢ ᠦᠷᠭᠦᠯᠵᠢᠯᠡᠨ ᠤᠷᠤᠭᠰᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠥᠨᠳᠥᠷ ᠲᠤ ᠵᠣᠭᠰᠣᠨ ᠠᠯᠤᠰ ᠢ ᠪᠠᠷᠠᠯᠠᠵᠦ᠂ ᠰᠣᠳᠣ | ᠮᠡᠷᠭᠡᠨ ᠭᠦᠨ ᠭᠦᠨᠵᠡᠭᠡᠢ ᠪᠠᠶᠢᠵᠤ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ᠂ | ᠵᠢᠯᠤᠭᠤᠳᠬᠤ ᠴᠢᠨᠠᠷ ᠲᠠᠢ ᠪᠠᠶᠢᠵᠤ᠂ ᠮᠠᠨ ᠤ ᠨᠠᠮ ᠤᠨ ᠰᠢᠨ᠎ᠡ ᠴᠠᠭ ᠦᠶ᠎ᠡ ᠶᠢᠨ ᠨᠥᠬᠦᠴᠡᠯ ᠳᠣᠣᠷ᠎ᠠ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶ᠋ᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠶᠢ ᠵᠢᠯᠤᠭᠤᠳᠬᠤ ᠳᠤ ᠴᠢᠬᠤᠯᠠ ᠶᠡᠭᠡ ᠠᠴᠢ | ᠬᠤᠯᠪᠣᠭᠳᠠᠯ ᠲᠠᠢ ᠶᠤᠮ᠃ ᠪᠢᠳᠡ ᠨᠠᠷᠢᠨ ᠬᠢᠨᠠᠮᠠᠭᠠᠢ ᠰᠤᠷᠤᠯᠴᠠᠨ ᠤᠶᠢᠯᠭᠠᠵᠤ᠂ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠷᠡᠯᠬᠡᠭᠯᠡᠨ ᠤᠷᠤᠭᠰᠢᠯᠠᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ | ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠬᠦ ᠬᠡᠷᠡᠭᠲᠡᠢ | ᠭᠡᠪᠡ᠃ | ᠶᠠᠷᠢᠯᠴᠠᠬᠤ ᠬᠤᠷᠠᠯ ᠳᠡᠭᠡᠷ᠎ᠡ᠂ ᠲᠥᠪ ᠤᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ | ᠬᠦᠷᠢᠶᠡᠯᠡᠩ ᠤᠨ ᠳᠠᠷᠤᠭ᠎ᠠ ᠴᠢᠦᠢ ᠴᠢᠩ ᠱᠠᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ ᠬᠡᠯᠲᠡᠰ ᠤᠨ ᠡᠷᠭᠢᠯᠡᠭᠴᠢ ᠮᠢᠶᠣᠣ | ᠬᠤᠸᠠ᠂ ᠰᠧᠴᠤᠸᠠᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠸᠠᠩ ᠰᠢᠶᠣᠣ ᠬᠤᠢ ᠤᠷᠢᠳ ᠬᠤᠵᠢᠳ ᠦᠭᠡ ᠬᠡᠯᠡᠪᠡ | ᠃ | ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ | ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠦᠷᠦ ᠶᠢᠨ | ᠵᠥᠪᠯᠡᠯᠭᠡᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ | ᠶᠠᠷᠢᠯᠴᠠᠬᠤ ᠬᠤᠷᠠᠯ ᠳᠤ ᠣᠷᠣᠯᠴᠠᠪᠠ᠃ | ᠲᠥᠪ ᠤᠨ ᠨᠠᠮ ᠵᠠᠰᠠᠭ ᠴᠡᠷᠢᠭ ᠤᠯᠠᠨ ᠲᠦᠮᠡᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠪᠡᠭᠡᠵᠢᠩ ᠬᠤᠳᠠ᠂ | ᠰᠧᠴᠤᠸᠠᠨ ᠮᠤᠵᠢ ᠶᠢᠨ ᠨᠠᠮ ᠤᠨ ᠬᠤᠷᠢᠶ᠎ᠠ ᠶᠢᠨ ᠬᠠᠷᠢᠭᠤᠴᠠᠯᠭᠠᠲᠠᠨ ᠨᠥᠬᠦᠳ᠂ ᠡᠯ᠎ᠡ ᠠᠷᠠᠳᠴᠢᠯᠠᠭᠰᠠᠨ ᠨᠠᠮ ᠪᠦᠯᠦᠭ ᠤᠨ | ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠪᠣᠯᠣᠨ ᠨᠠᠮ | ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ᠂ ᠳ᠋ᠧᠩ ᠰᠢᠶᠣᠣ ᠫᠢᠩ ᠨᠥᠬᠦᠷ ᠤᠨ ᠲᠦᠷᠦᠯ ᠰᠠᠳᠤᠨ᠂ ᠤᠤᠯ ᠤᠨ | ᠳᠡᠷᠭᠡᠳᠡᠬᠢ ᠠᠵᠢᠯᠲᠠᠨ ᠪᠣᠯᠣᠨ ᠨᠤᠲᠤᠭ ᠤᠨ ᠬᠢᠨᠢ ᠲᠥᠯᠥᠭᠡᠯᠡᠭᠴᠢ ᠵᠢᠴᠢ ︽ᠪᠦᠭᠦ ᠤᠯᠤᠰ ᠤᠨ ᠳ᠋ᠧᠩ ᠰᠢᠶᠣᠣ ᠫᠢᠩ | ᠨᠥᠬᠦᠷ ᠤᠨ ᠮᠡᠨᠳᠦᠯᠡᠭᠰᠡᠨ 120 ᠵᠢᠯ ᠤᠨ ᠤᠢ ᠶᠢ ᠳᠤᠷᠠᠰᠬᠠᠬᠤ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ | ︾ ᠳᠤ ᠣᠷᠣᠯᠴᠠᠬᠰᠠᠨ ᠲᠥᠯᠥᠭᠡᠯᠡᠭᠴᠢ ᠨᠠᠷ ᠶᠠᠷᠢᠯᠴᠠᠬᠤ ᠬᠤᠷᠠᠯ ᠳᠤ ᠣᠷᠣᠯᠴᠠᠪᠠ ᠃ | | ᠳᠡᠪᠰᠢᠭᠦᠯᠦᠭᠴᠢ᠄ ᠲᠡᠷᠭᠡᠯ | |