ᠢᠦᠢ ᠳ᠋ᠠᠢ ᠴᠢᠩ ᠲᠠᠷᠢᠶᠠᠯᠠᠬᠤ ᠮᠠᠯᠵᠢᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/28
      ᠢᠦᠢ ᠳ᠋ᠠᠢ ᠴᠢᠩ ᠲᠠᠷᠢᠶᠠᠯᠠᠬᠤ ᠮᠠᠯᠵᠢᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ           8 ᠳ᠋ᠤᠭᠠᠷ ᠰᠠᠷ᠎ᠠ ᠶᠢᠨ 19 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ  ᠢᠦᠢ ᠳ᠋ᠠᠢ ᠴᠢᠩ ᠲᠠᠷᠢᠶᠠᠯᠠᠬᠤ ᠮᠠᠯᠵᠢᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠪᠡᠭᠡᠵᠢᠩ ᠥᠪᠥᠷ ᠮᠣᠩᠭᠤᠯ ᠢ ᠬᠠᠪᠰᠤᠷᠤᠨ ᠲᠡᠳᠬᠦᠬᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠵᠡᠷᠭᠡ ᠠᠵᠢᠯ ᠢ ᠰᠤᠳᠤᠯᠪᠠ᠃ 
8.12+1.jpeg
       ᠢᠦᠢ ᠳ᠋ᠠᠢ ᠴᠢᠩ ᠬᠡᠯᠡᠬᠦ ᠳᠡᠭᠡᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠲᠠᠢ ᠤᠶᠠᠯᠳᠤᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠤᠶᠠᠯᠳᠤᠭᠤᠯᠤᠨ ᠥᠷᠲᠡᠭᠡ ᠰᠠᠭᠤᠵᠤ ᠬᠢᠨᠠᠨ ᠵᠢᠯᠣᠭᠤᠳᠴᠤ ᠬᠠᠷᠢᠭᠤ ᠲᠤᠰᠬᠠᠭᠰᠠᠨ ᠰᠠᠨᠠᠯ ᠢᠶᠠᠨ ᠤᠯᠠᠮᠵᠢᠯᠠᠵᠤ᠂  ᠰᠠᠨᠠᠭᠠᠴᠢᠯᠠᠭ᠎ᠠ ᠠᠴᠠ ᠪᠠᠨ ᠡᠭᠦᠷᠭᠡ ᠲᠠᠨᠢᠨ ᠠᠪᠴᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠡᠯ᠎ᠡ ᠵᠦᠢᠯ ᠤᠨ ᠠᠵᠢᠯ ᠢᠶᠠᠨ ᠨᠠᠷᠢᠯᠢᠭ ᠬᠢᠵᠦ ᠪᠣᠳᠠᠲᠠᠶᠢᠵᠢᠭᠤᠯᠤᠨ᠎ᠠ᠃ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠵᠢᠭᠰᠡᠭᠠᠨ ᠪᠠᠶᠢᠴᠠᠭᠠᠵᠤ ᠦᠨᠡᠨ ᠪᠠᠶᠢᠳᠠᠯ ᠢ ᠣᠶᠢᠯᠠᠭᠠᠬᠤ ᠶᠢ ᠪᠦᠬᠦ ᠲᠠᠯ᠎ᠠ ᠪᠠᠷ ᠣᠨᠣᠪᠴᠢᠲᠠᠢ ᠥᠷᠨᠢᠭᠦᠯᠵᠦ᠂ ᠲᠦᠭᠰᠢᠭᠦᠷᠢ ᠶᠢᠨ ᠳᠠᠯᠳᠠ ᠭᠡᠮ ᠣᠷᠣᠰᠢᠵᠤ ᠮᠡᠳᠡᠬᠦ ᠶᠢ ᠴᠠᠭ ᠲᠤᠬᠠᠢ ᠳᠤᠨᠢ ᠣᠯᠵᠤ ᠮᠡᠳᠡᠨ᠂ ᠳᠠᠬᠢᠨ ᠶᠠᠳᠠᠭᠤᠷᠠᠬᠤ ᠶᠢ ᠰᠡᠷᠭᠡᠶᠢᠯᠡᠵᠦ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠡᠷᠴᠢᠮ ᠢ ᠦᠨᠡᠨᠬᠦ ᠠᠳᠬᠤᠵᠤ᠂  ᠡᠷᠲᠡ ᠠᠴᠠ ᠰᠡᠷᠡᠮᠵᠢᠯᠡᠭᠦᠯᠬᠦ᠂  ᠡᠷᠲᠡ ᠠᠴᠠ ᠬᠠᠮᠢᠶᠠᠷᠬᠤ᠂  ᠡᠷᠲᠡ ᠠᠴᠠ ᠬᠠᠪᠰᠤᠷᠤᠨ ᠲᠡᠳᠬᠦᠬᠦ ᠶᠢ ᠭᠦᠢᠴᠡᠳᠬᠡᠵᠦ᠂ ᠣᠯᠠᠨ ᠲᠦᠮᠡᠨ ᠤ ᠣᠷᠣᠯᠭ᠎ᠠ ᠶᠢᠨ ᠬᠢᠷᠢ ᠬᠡᠮᠵᠢᠶ᠎ᠡ ᠶᠢᠨ ᠲᠣᠭᠲᠠᠭᠤᠨ ᠢᠶᠠᠷ ᠨᠡᠮᠡᠭᠳᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠪᠡᠭᠡᠵᠢᠩ ᠬᠢᠭᠡᠳ ᠥᠪᠥᠷ ᠮᠣᠩᠭᠤᠯ ᠢ ᠵᠣᠯᠭᠠᠭᠤᠯᠬᠤ ᠪᠡᠯᠡ ᠮᠥᠩᠭᠦ ᠶᠢᠨ ᠬᠡᠷᠡᠭᠯᠡᠬᠦ ᠠᠵᠢᠯ ᠢ ᠰᠠᠶᠢᠲᠤᠷ ᠬᠢᠵᠦ᠂ ᠲᠥᠷᠥᠯ ᠵᠦᠢᠯ ᠤᠨ ᠪᠡᠯᠡ ᠮᠥᠩᠭᠦ ᠶᠢ ᠴᠠᠭ ᠬᠤᠭᠤᠴᠠᠭ᠎ᠠ ᠶᠣᠰᠣᠭᠠᠷ ᠰᠠᠯᠭᠠᠨ ᠥᠭᠬᠦ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠲᠥᠷᠥᠯ ᠵᠦᠢᠯ ᠤᠨ ᠬᠠᠮᠤᠭ ᠤᠨ ᠶᠡᠭᠡ ᠦᠷ᠎ᠡ ᠠᠰᠢᠭ ᠢ ᠪᠠᠳᠠᠷᠠᠭᠤᠯᠬᠤ ᠬᠡᠷᠡᠭᠲᠡᠢ᠃ ᠮᠠᠨ ᠤ ᠬᠤᠰᠢᠭᠤ ᠨᠢ ᠪᠥᠬᠦ ᠬᠤᠲᠠ ᠶᠢᠨ 《 ᠭᠤᠷᠪᠠᠨ ᠤᠮᠠᠷᠠᠲᠤ 》 ᠶᠢᠨ ᠢᠨᠵᠧᠨᠧᠷᠢᠩ ᠤᠨ ᠭᠤᠣᠯ ᠲᠠᠯᠠᠪᠤᠷ ᠪᠣᠯᠤᠭᠰᠠᠨ ᠤ ᠬᠤᠪᠢ ᠳᠤ᠂ ᠲᠠᠯ᠎ᠠ ᠨᠤᠲᠤᠭ ᠢ ᠵᠠᠰᠠᠨ ᠰᠡᠷᠭᠦᠭᠡᠬᠦ ᠢᠨᠵᠧᠨᠧᠷᠢᠩ ᠤᠨ ᠲᠥᠷᠥᠯ ᠵᠦᠢᠯ ᠤᠨ ᠲᠠᠯᠠᠪᠠᠢ ᠥᠷᠭᠡᠨ᠂ ᠡᠭᠦᠷᠭᠡ ᠬᠦᠨᠳᠦ ᠪᠣᠯᠬᠤᠷ᠂ ᠲᠥᠷᠥᠯ ᠵᠦᠢᠯ ᠤᠨ ᠲᠥᠯᠥᠪᠵᠢᠭᠦᠯᠭᠡ ᠶᠢᠨ ᠲᠣᠭᠤᠷᠢᠨ ᠳᠤ᠂ ᠵᠠᠰᠠᠨ ᠰᠡᠷᠭᠦᠭᠡᠬᠦ ᠡᠭᠦᠷᠭᠡ ᠪᠠᠨ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠦᠲᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠬᠤᠪᠢ ᠨᠡᠮᠡᠷᠢ ᠦᠵᠡᠭᠦᠯᠬᠦ ᠬᠡᠷᠡᠭᠲᠡᠢ᠃
8.12+2.jpeg
      ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂   ᠬᠤᠰᠢᠭᠤ ᠳᠠᠷᠤᠭ᠎ᠠ ᠰᠦᠯᠳᠡ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠧᠩ ᠭᠤᠸᠠᠩ ᠾᠦᠢ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠠᠯᠲᠠ᠂ ᠡᠯ᠎ᠡ ᠪᠠᠶᠢᠩᠭᠤ ᠶᠢᠨ ᠭᠡᠰᠢᠭᠦᠨ᠂ ᠬᠤᠰᠢᠭᠤ ᠬᠤᠪᠢᠶᠠᠨ ᠬᠠᠮᠢᠶᠠᠷᠬᠤ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠢ᠃ ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2