ᠢᠦᠢ ᠳ᠋ᠠᠢ ᠴᠢᠩ ᠥᠪᠥᠷ ᠮᠣᠩᠭᠤᠯ ᠤᠨ ᠸᠧᠨᠵᠧᠦ ᠶᠢᠨ ᠬᠤᠳᠠᠯᠳᠤᠭᠠᠴᠢᠳ ᠤᠨ ᠡᠪᠯᠡᠯ ᠤᠨ ᠳᠠᠷᠤᠭ᠎ᠠ ᠽᠧᠦ ᠵᠣᠣ ᠪᠦᠸᠧ ᠲᠠᠢ ᠠᠭᠤᠯᠵᠠᠪᠠ
ᠨᠡᠶᠢᠲᠡᠯᠡᠭᠰᠡᠨ ᠴᠠᠭ᠄
2024/8/28
      ᠢᠦᠢ ᠳ᠋ᠠᠢ ᠴᠢᠩ ᠥᠪᠥᠷ ᠮᠣᠩᠭᠤᠯ ᠤᠨ ᠸᠧᠨᠵᠧᠦ ᠶᠢᠨ ᠬᠤᠳᠠᠯᠳᠤᠭᠠᠴᠢᠳ ᠤᠨ ᠡᠪᠯᠡᠯ ᠤᠨ ᠳᠠᠷᠤᠭ᠎ᠠ ᠽᠧᠦ ᠵᠣᠣ ᠪᠦᠸᠧ ᠲᠠᠢ ᠠᠭᠤᠯᠵᠠᠪᠠ      8 ᠳ᠋ᠤᠭᠠᠷ ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠠᠷᠤᠭ᠎ᠠ  ᠢᠦᠢ ᠳ᠋ᠠᠢ  ᠴᠢᠩ ᠠᠴᠠ ᠥᠪᠥᠷ ᠮᠣᠩᠭᠤᠯ ᠤᠨ ᠸᠧᠨᠵᠧᠦ ᠶᠢᠨ ᠬᠤᠳᠠᠯᠳᠤᠭᠠᠨ ᠤ ᠡᠪᠯᠡᠯ ᠤᠨ ᠳᠠᠷᠤᠭ᠎ᠠ ᠽᠧᠦ ᠵᠣᠣ ᠪᠦᠸᠧ ᠲᠠᠢ ᠠᠭᠤᠯᠵᠠᠬᠤ ᠶᠢᠨ ᠬᠠᠮᠲᠤ ᠬᠤᠳᠠᠯᠳᠤᠭᠠᠴᠢᠨ ᠤᠷᠢᠵᠤ ᠰᠣᠯᠢᠯᠴᠠᠭ᠎ᠠ ᠬᠢᠬᠦ ᠶᠠᠷᠢᠯᠴᠠᠬᠤ ᠬᠤᠷᠠᠯ ᠬᠢᠪᠡ᠃ ᠶᠠᠷᠢᠯᠴᠠᠬᠤ ᠬᠤᠷᠠᠯ ᠳᠡᠭᠡᠷ᠎ᠡ᠂ ᠽᠧᠦ ᠵᠣᠣ ᠪᠦᠸᠧ ᠨᠠᠷ ᠮᠠᠨ ᠤ ᠬᠤᠰᠢᠭᠤᠨ ᠤ ᠦᠨᠳᠦᠰᠦᠨ ᠪᠠᠶᠢᠳᠠᠯ ᠪᠣᠯᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠪᠠᠶᠢᠳᠠᠯ ᠢ ᠣᠶᠢᠯᠠᠭᠠᠭᠰᠠᠨ ᠪᠥᠭᠡᠳ ᠤᠬᠠᠭᠤᠯᠭ᠎ᠠ ᠶᠢᠨ ᠺᠢᠨᠣ ᠶᠢ ᠦᠵᠡᠪᠡ᠃
8.13+1.jpeg
        ᠢᠦᠢ ᠳ᠋ᠠᠢ ᠴᠢᠩ ᠤᠨ ᠬᠡᠯᠡᠬᠦ ᠪᠠᠷ᠂ ᠳᠥᠷᠪᠡᠳ ᠬᠤᠰᠢᠭᠤ ᠣᠶᠢᠷ᠎ᠠ ᠶᠢᠨ ᠵᠢᠯ‌‍ᠡᠴᠡ ᠨᠡᠰᠢ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢᠶᠠᠨ ᠦᠷᠭᠦᠯᠵᠢᠯᠡᠨ ᠰᠢᠯᠢᠳᠡᠭᠵᠢᠭᠦᠯᠬᠦ ᠪᠠᠷ ᠴᠢᠷᠮᠠᠶᠢᠵᠤ᠂ ᠦᠢᠯᠡᠴᠢᠯᠡᠭᠡᠨ ᠢᠶᠠᠨ ᠦᠨᠡᠨᠬᠦ ᠰᠠᠶᠢᠲᠤᠷ ᠬᠢᠵᠦ᠂ ᠠᠵᠤ ᠠᠬᠤᠶᠢᠯᠠᠯ ᠤᠨ ᠰᠠᠨᠠᠭ᠎ᠠ ᠠᠮᠤᠷ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠵᠡᠢ᠃ ᠸᠧᠨᠵᠧᠦ ᠶᠢᠨ ᠬᠤᠳᠠᠯᠳᠤᠭᠠᠴᠢᠳ ᠤᠨ ᠡᠪᠯᠡᠯ ᠬᠠᠮᠲᠤᠷᠠᠯᠴᠠᠭ᠎ᠠ ᠰᠣᠯᠢᠯᠴᠠᠭᠠᠨ ᠤ ᠲᠠᠪᠴᠠᠩ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠣᠶᠢᠯᠠᠭᠠᠯᠴᠠᠭ᠎ᠠ ᠵᠣᠯᠭᠠᠯᠲᠠ ᠶᠢ ᠴᠢᠩᠭᠠᠳᠬᠠᠵᠤ᠂ ᠳᠥᠷᠪᠡᠳ ᠬᠤᠰᠢᠭᠤᠨ ᠤ 《 ᠬᠤᠯᠪᠣᠭᠠᠰᠤ 》 ᠶᠢ ᠢᠳᠡᠪᠬᠢᠲᠡᠢ ᠠᠬᠢᠭᠤᠯᠵᠤ᠂ ᠨᠡᠩ ᠣᠯᠠᠨ ᠠᠵᠤ ᠠᠬᠤᠶᠢᠯᠠᠯ᠂ ᠴᠢᠳᠠᠪᠤᠷᠢᠲᠠᠨ᠂ ᠪᠡᠯᠡ ᠮᠥᠩᠭᠦ ᠶᠢ ᠭᠠᠵᠠᠷ ᠨᠠᠶᠢᠳᠠᠪᠤᠷᠢᠵᠢᠭᠤᠯᠬᠤ ᠶᠢ ᠠᠬᠢᠭᠤᠯᠵᠤ᠂ ᠳᠥᠷᠪᠡᠳ ᠬᠤᠰᠢᠭᠤ ᠶᠢ ᠬᠠᠮᠲᠤᠪᠠᠷ ᠮᠤᠨᠢ ᠠᠭᠤᠯᠠ ᠶᠢᠨ ᠠᠷᠤ ᠬᠤᠷᠮᠣᠢ ᠶᠢᠨ 10 ᠲᠦᠮᠡᠨ ᠬᠥᠮᠦᠨ ᠣᠷᠣᠰᠢᠨ ᠰᠠᠭᠤᠬᠤ ᠳᠤ ᠲᠠᠭᠠᠯᠠᠮᠵᠢᠲᠠᠢ ᠬᠤᠲᠠ ᠪᠠᠯᠭᠠᠰᠤ ᠪᠣᠯᠭᠠᠨ ᠪᠦᠲᠦᠭᠡᠨ ᠪᠠᠶᠢᠭᠤᠯᠬᠤ ᠶᠢ ᠬᠦᠰᠡᠵᠦ ᠪᠠᠶᠢᠨ᠎ᠠ᠃
8.13+2.jpeg
      ᠽᠧᠦ ᠵᠣᠣ ᠪᠦᠸᠧ ᠢᠯᠡᠷᠬᠡᠶᠢᠯᠡᠭᠰᠡᠨ ᠨᠢ᠂ ᠸᠧᠨᠵᠧᠦ ᠶᠢᠨ ᠬᠤᠳᠠᠯᠳᠤᠭᠠᠨ ᠤ ᠡᠪᠯᠡᠯ ᠪᠣᠯᠤᠨ ᠡᠯ᠎ᠡ ᠠᠵᠤ ᠠᠬᠤᠶᠢᠯᠠᠯᠲᠠᠨ ᠤᠳ ᠡᠨᠡ ᠤᠳᠠᠭ᠎ᠠ ᠶᠢᠨ ᠰᠢᠨᠵᠢᠯᠡᠨ ᠪᠠᠶᠢᠴᠠᠭᠠᠬᠤ ᠶᠠᠷᠢᠯᠴᠠᠬᠤ ᠶᠠᠪᠤᠳᠠᠯ ᠢᠶᠠᠷ ᠲᠣᠬᠢᠶᠠᠯ ᠪᠣᠯᠭᠠᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠠᠢ ᠤᠯᠠᠮ ᠨᠢᠭᠡ ᠠᠯᠬᠤᠮ ᠰᠣᠯᠢᠯᠴᠠᠭ᠎ᠠ ᠬᠢᠵᠦ᠂ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢᠨ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠬᠦ᠂ ᠳᠥᠷᠪᠡᠳ ᠬᠤᠰᠢᠭᠤᠨ ᠤ ᠣᠷᠣᠨ ᠪᠠᠶᠢᠷᠢ᠂ ᠠᠵᠤ ᠦᠢᠯᠡᠰ᠂ ᠡᠬᠢ ᠪᠠᠶᠠᠯᠢᠭ ᠤᠨ ᠡᠯᠧᠮᠧᠨᠲ ᠵᠡᠷᠭᠡ ᠥᠪᠡᠷᠮᠢᠴᠡ ᠳᠠᠪᠠᠭᠤᠯᠢᠭ ᠲᠠᠢ ᠤᠶᠠᠯᠳᠤᠭᠤᠯᠤᠨ᠂ ᠬᠠᠮᠲᠤᠷᠠᠯᠴᠠᠬᠤ ᠬᠦᠷᠢᠶ᠎ᠡ ᠬᠡᠪᠴᠢᠶ᠎ᠡ ᠪᠠᠨ ᠥᠷᠭᠡᠳᠬᠡᠵᠦ᠂ ᠳᠥᠷᠪᠡᠳ ᠬᠤᠰᠢᠭᠤ ᠶᠢ ᠬᠠᠪᠰᠤᠷᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠨᠠᠶᠢᠵᠠ ᠶᠢᠨ ᠲᠣᠭᠤᠷᠢᠭ ᠢᠶᠠᠨ ᠥᠷᠭᠡᠳᠬᠡᠵᠦ᠂ ᠳᠥᠷᠪᠡᠳ ᠬᠤᠰᠢᠭᠤᠨ ᠤ ᠶᠠᠰᠤ ᠴᠢᠨᠠᠷ ᠰᠠᠶᠢᠲᠠᠢ ᠬᠥᠭᠵᠢᠯᠲᠡ ᠶᠢ ᠳᠡᠮᠵᠢᠨ᠎ᠡ ᠭᠡᠵᠡᠢ᠃
8.13+3.jpeg
      ᠬᠤᠰᠢᠭᠤᠨ ᠤ ᠤᠳᠤᠷᠢᠳᠤᠯᠭ᠎ᠠ ᠤᠷᠢᠬᠠᠨ᠂ ᠣᠳᠣᠨ ᠮᠡᠴᠢᠳ ᠤᠨ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2