ᠳᠤᠮᠳᠠᠳᠤ ᠤᠯᠤᠰ ᠤᠨ ᠡᠪ ᠬᠠᠮᠲᠤ ᠨᠠᠮ ᠤᠨ ᠳᠥᠷᠪᠡᠳ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠠᠷᠪᠠᠨ ᠲᠠᠪᠤᠳᠤᠭᠠᠷ ᠤᠳᠠᠭᠠᠨ ᠤ ᠪᠦᠭᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2024/8/28
      ᠳᠤᠮᠳᠠᠳᠤ ᠤᠯᠤᠰ ᠤᠨ ᠡᠪ ᠬᠠᠮᠲᠤ ᠨᠠᠮ ᠤᠨ ᠳᠥᠷᠪᠡᠳ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠠᠷᠪᠠᠨ ᠲᠠᠪᠤᠳᠤᠭᠠᠷ ᠤᠳᠠᠭᠠᠨ ᠤ ᠪᠦᠭᠦᠳᠡ ᠬᠤᠷᠠᠯ ᠤᠨ ᠠᠯᠪᠠᠨ ᠮᠡᠳᠡᠭᠡ          (2024 ᠣᠨ ᠤ 8 ᠰᠠᠷ᠎ᠠ ᠶᠢᠨ 19 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠥᠷᠪᠡᠳ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠠᠷᠪᠠᠨ ᠲᠠᠪᠤᠳᠤᠭᠠᠷ ᠪᠦᠭᠦᠳᠡ ᠬᠤᠷᠠᠯ‌‍ᠠ᠋ᠴᠠ ᠪᠠᠲᠤᠯᠠᠪᠠ)       ᠳᠤᠮᠳᠠᠳᠤ ᠤᠯᠤᠰ ᠤᠨ ᠡᠪ ᠬᠠᠮᠲᠤ ᠨᠠᠮ ᠤᠨ ᠳᠥᠷᠪᠡᠳ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠠᠷᠪᠠᠨ ᠲᠠᠪᠤᠳᠤᠭᠠᠷ ᠪᠦᠭᠦᠳᠡ ᠬᠤᠷᠠᠯ᠂ 2024 ᠣᠨ ᠤ 8 ᠰᠠᠷ᠎ᠠ ᠶᠢᠨ 19 ᠤ ᠡᠳᠦᠷ ᠤᠯᠠᠭᠠᠨ ᠬᠤᠸᠠ ᠪᠠᠯᠭᠠᠰᠤᠨ ᠳᠤ ᠶᠠᠪᠤᠭᠳᠠᠪᠠ᠃        ᠡᠨᠡ ᠤᠳᠠᠭ᠎ᠠ ᠶᠢᠨ ᠪᠦᠭᠦᠳᠡ ᠬᠤᠷᠠᠯ ᠳᠤ᠂ ᠬᠤᠰᠢᠭᠤᠨ ᠤ ᠨᠠᠮ ᠤᠨ ᠬᠤᠷᠢᠶᠠᠨ ᠤ ᠭᠡᠰᠢᠭᠦᠨ 41᠂ ᠣᠷᠣᠯᠠᠭᠴᠢ ᠭᠡᠰᠢᠭᠦᠨ 9 ᠪᠠᠶᠢᠨ᠎ᠠ᠃ ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠬᠤ ᠨᠥᠬᠦᠳ᠂ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠢᠨᠠᠨ ᠪᠠᠶᠢᠴᠠᠭᠠᠬᠤ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠰᠤᠮᠤ ᠰᠢᠶᠠᠩ ᠪᠠᠯᠭᠠᠰᠤ᠂ ᠬᠤᠰᠢᠭᠤ ᠰᠢᠭᠤᠳ ᠬᠠᠷᠢᠶ᠎ᠠ ᠪᠠ ᠬᠠᠮᠢᠶᠠᠷᠤᠯᠲᠠ ᠶᠢᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠬᠤᠷᠠᠯ ᠳᠤ ᠣᠷᠣᠯᠴᠠᠭᠰᠠᠨ ᠬᠡᠰᠡᠭ ᠲᠥᠯᠥᠭᠡᠯᠡᠭᠴᠢᠳ ᠪᠠ ᠬᠤᠲᠠ ᠶᠢᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠭᠰᠠᠨ ᠬᠡᠰᠡᠭ ᠦᠨᠳᠦᠰᠦᠨ ᠱᠠᠲᠤᠨ ᠤ ᠲᠥᠯᠥᠭᠡᠯᠡᠭᠴᠢᠳ᠃
8.19+1.jpeg
      ᠪᠦᠭᠦᠳᠡ ᠬᠤᠷᠠᠯ ᠢ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠵᠦ᠂ ᠬᠤᠰᠢᠭᠤ ᠨᠠᠮ ᠤᠨ ᠬᠤᠷᠢᠶᠠᠨ ᠤ ᠱᠦᠵᠢ ᠢᠦᠢ ᠳ᠋ᠠᠢ ᠴᠢᠩ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠪᠦᠭᠦᠳᠡ ᠬᠤᠷᠠᠯ ᠳᠤ 2024 ᠳᠡᠭᠡᠳᠦ ᠬᠠᠭᠠᠰ ᠵᠢᠯ ᠤᠨ ᠠᠵᠢᠯ ᠢᠶᠠᠨ ᠮᠡᠳᠡᠭᠦᠯᠵᠦ᠂ ᠣᠳᠣᠬᠠᠨ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ 《 ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠥᠷᠪᠡᠳ ᠬᠤᠰᠢᠭᠤᠨ ᠤ ᠨᠠᠮ ᠤᠨ ᠬᠤᠷᠢᠶᠠᠨ ᠤ ᠰᠠᠨᠠᠯ 》 ᠢ ᠬᠢᠨᠠᠨ ᠵᠥᠪᠯᠡᠵᠦ ᠪᠠᠲᠤᠯᠠᠪᠠ᠃ ᠢᠦᠢ ᠳ᠋ᠠᠢ ᠴᠢᠩ 《 ᠰᠠᠨᠠᠯ ( ᠶᠠᠷᠢᠯᠴᠠᠬᠤ ᠡᠬᠡ ᠨᠣᠣᠷᠠᠭ ) 》 ᠤᠨ ᠲᠤᠬᠠᠢ ᠪᠥᠬᠦᠳᠡ ᠬᠤᠷᠠᠯ ᠳᠤ ᠲᠣᠳᠣᠷᠬᠠᠶᠢᠯᠠᠯᠲᠠ ᠬᠢᠵᠡᠢ᠃
8.19+2.jpeg
      ᠪᠦᠭᠦᠳᠡ ᠬᠤᠷᠠᠯ ᠠᠴᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠢ ᠰᠣᠨᠣᠰᠤᠨ ᠶᠠᠷᠢᠯᠴᠠᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠡᠨᠡ ᠵᠢᠯ‌‍ᠡᠴᠡ ᠨᠠᠰᠢᠬᠢ ᠠᠵᠢᠯ ᠢ ᠭᠦᠢᠴᠡᠳ ᠨᠤᠲᠠᠯᠠᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠴᠢᠩᠭ᠎ᠠ ᠪᠣᠯᠭᠠᠨ᠂ 《 ᠬᠤᠶᠠᠷ ᠶᠡᠭᠡ ᠶᠠᠪᠤᠳᠠᠯ 》 ᠢ ᠰᠠᠶᠢᠲᠤᠷ ᠡᠷᠬᠢᠯᠡᠬᠦ ᠪᠠᠷ ᠵᠢᠯᠣᠭᠤᠳᠤᠮᠵᠢ ᠪᠣᠯᠭᠠᠵᠤ᠂ 《 ᠵᠢᠷᠭᠤᠭᠠᠨ ᠢᠨᠵᠧᠨᠧᠷᠢᠩ 》 ᠢ ᠯᠠᠪᠳᠠᠭᠤᠨ ᠢᠶᠠᠷ ᠠᠬᠢᠭᠤᠯᠵᠤ᠂ ᠪᠦᠬᠦ ᠬᠤᠰᠢᠭᠤᠨ ᠤ ᠠᠵᠤ ᠠᠬᠤᠢ ᠶᠢᠨ ᠬᠥᠭᠵᠢᠯᠲᠡ ᠨᠡᠩ ᠴᠢᠨᠠᠷ ᠴᠢᠨᠰᠠᠭ᠎ᠠ ᠲᠠᠢ᠂ ᠠᠷᠠᠳ ᠤᠨ ᠠᠮᠢᠳᠤᠷᠠᠯ ᠤᠨ ᠦᠢᠯᠡᠰ ᠨᠡᠩ ᠪᠠᠲᠤ ᠴᠢᠩᠭ᠎ᠠ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠨᠡᠩ ᠪᠥᠬᠦ ᠲᠠᠯ᠎ᠠ ᠪᠠᠷ ᠴᠢᠩᠭ᠎ᠠ ᠠᠳᠬᠤᠵᠤ᠂ ᠬᠥᠭᠵᠢᠯᠲᠡ ᠶᠢ ᠠᠳᠬᠤᠵᠤ᠂ ᠡᠭᠦᠷᠭᠡ ᠶᠢ ᠠᠬᠢᠭᠤᠯᠵᠤ᠂ ᠰᠢᠨ᠎ᠡ ᠬᠡᠪ ᠰᠤᠷᠲᠠᠯ ᠢ ᠪᠣᠢ ᠪᠣᠯᠭᠠᠬᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠢᠯᠡᠷᠡᠭᠦᠯᠵᠦ᠂ ᠡᠯ᠎ᠡ ᠲᠥᠷᠥᠯ ᠤᠨ ᠠᠵᠢᠯ ᠨᠢ ᠵᠢᠱᠢᠭᠰᠡᠨ ᠬᠠᠷᠠᠯᠲᠠ᠊_‍ᠠ᠋ᠴᠠ ᠰᠠᠶᠢᠨ ᠪᠣᠯᠪᠠ ᠭᠡᠵᠦ ᠰᠠᠨᠠᠯ ᠨᠢᠭᠡᠲᠡᠢ ᠦᠵᠡᠪᠡ᠃       ᠪᠦᠭᠦᠳᠡ ᠬᠤᠷᠠᠯ ᠠᠴᠠ᠂ ᠪᠦᠬᠦ ᠬᠤᠰᠢᠭᠤᠨ ᠤ ᠳᠣᠣᠷ᠎ᠠ ᠬᠠᠭᠠᠰ ᠵᠢᠯ ᠤᠨ ᠠᠵᠢᠯ ᠢ ᠰᠠᠶᠢᠲᠤᠷ ᠬᠢᠬᠦ ᠳᠤ ᠡᠷᠬᠡᠪᠰᠢ 《 ᠥᠭᠡᠷᠡᠴᠢᠯᠡᠯᠲᠡ 》 《 ᠬᠥᠭᠵᠢᠯᠲᠡ 》 ᠶᠢᠨ ᠬᠤᠶᠠᠷ ᠶᠡᠭᠡ ᠴᠢᠬᠤᠯᠠ ᠡᠭᠦᠷᠭᠡ ᠶᠢ ᠠᠳᠬᠤᠵᠤ᠂ ᠥᠭᠡᠷᠡᠴᠢᠯᠡᠯᠲᠡ ᠬᠢᠬᠦ ᠨᠢ ᠳᠠᠷᠤᠢ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠪᠣᠯᠤᠨ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠡᠷᠡᠰ ᠭᠤᠶᠢᠪᠢᠰᠢ ᠦᠭᠡᠢ ᠰᠠᠶᠢᠲᠤᠷ ᠠᠳᠬᠤᠬᠤ ᠶᠠᠪᠤᠳᠠᠯ ᠪᠣᠯᠤᠨ᠎ᠠ ᠂ ᠬᠥᠭᠵᠢᠭᠦᠯᠬᠦ ᠭᠡᠳᠡᠭ ᠨᠢ ᠳᠠᠷᠤᠢ ᠵᠢᠯ ᠤᠨ ᠡᠭᠦᠷᠭᠡ ᠬᠠᠷᠠᠯᠲᠠ ᠪᠠᠨ ᠪᠡᠶᠡᠯᠡᠭᠦᠯᠬᠦ ᠶᠢ ᠪᠠᠲᠤᠯᠠᠬᠤ ᠶᠠᠪᠤᠳᠠᠯ ᠪᠣᠯᠤᠨ᠎ᠠ᠃ᠪᠢᠳᠡᠨ ᠤ ᠬᠥᠭᠵᠢᠯᠲᠡ ᠶᠢᠨ ᠶᠡᠭᠡ ᠴᠢᠭᠯᠡᠯ ᠪᠠ ᠰᠡᠳᠬᠢᠴᠡ ᠪᠣᠯ ᠴᠥᠮ ᠲᠣᠳᠣᠷᠬᠠᠢ ᠪᠥᠭᠡᠳ ᠲᠣᠳᠣᠷᠬᠠᠢ ᠶᠤᠮ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠬᠦ ᠵᠦᠢᠯ ᠪᠣᠯ ᠳᠠᠷᠤᠢ ᠵᠢᠯ ᠤᠨ ᠡᠬᠢᠨ ᠤ ᠪᠠᠶᠢᠷᠢᠯᠠᠭᠤᠯᠤᠯᠲᠠ ᠶᠣᠰᠣᠭᠠᠷ᠂ ᠢᠮᠠᠭᠲᠠ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠠᠳᠬᠤᠬᠤ ᠶᠠᠪᠤᠳᠠᠯ ᠪᠣᠯᠤᠨ᠎ᠠ᠃       ᠪᠦᠭᠦᠳᠡ ᠬᠤᠷᠠᠯ ᠠᠴᠠ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠠᠯ᠎ᠠ ᠪᠠᠷ ᠨᠡᠩ ᠰᠢᠯᠢᠳᠡᠭ 《 ᠳᠥᠷᠪᠡᠨ ᠬᠥᠪᠡᠭᠦᠨ ᠤ ᠬᠡᠪ ᠵᠠᠭᠪᠤᠷ 》 ᠢ ᠭᠠᠷᠭᠠᠬᠤ ᠬᠡᠷᠡᠭᠲᠡᠢ ᠭᠡᠵᠦ ᠱᠠᠭᠠᠷᠳᠠᠪᠠ᠃ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠤᠬᠠᠭᠤᠯᠤᠨ ᠲᠤᠤᠱᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠤᠨ᠎ᠠ᠃ ᠪᠦᠬᠦ ᠬᠤᠰᠢᠭᠤᠨ ᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠪᠥᠬᠦ ᠲᠠᠯ᠎ᠠ ᠪᠠᠷ ᠰᠤᠷᠤᠯᠴᠠᠨ ᠣᠶᠢᠯᠠᠭᠠᠵᠤ᠂ ᠨᠢᠭᠡᠳᠦᠯᠲᠡᠢ ᠲᠥᠯᠥᠪᠯᠡᠨ ᠤᠬᠠᠭᠤᠯᠤᠨ ᠰᠤᠷᠲᠠᠯᠴᠢᠯᠠᠵᠤ᠂ ᠪᠣᠳᠠᠲᠠᠢ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃       ᠪᠦᠭᠦᠳᠡ ᠬᠤᠷᠠᠯ ᠠᠴᠠ ᠂ ᠠᠵᠤ ᠠᠬᠤᠢ ᠨᠡᠶᠢᠭᠡᠮ ᠤᠨ ᠬᠥᠭᠵᠢᠯᠲᠦ ᠶᠢ ᠠᠬᠢᠭᠤᠯᠬᠤ ᠲᠠᠯ᠎ᠠ ᠪᠠᠷ ᠨᠡᠩ ᠲᠦᠷᠭᠡᠨ 《 ᠳᠥᠷᠪᠡᠨ ᠬᠥᠪᠡᠭᠦᠨ ᠤ ᠸᠠᠩ ᠢ ᠲᠦᠷᠭᠡᠨ ᠭᠠᠷᠭᠠᠬᠤ 》 ᠬᠡᠷᠡᠭᠲᠡᠢ ᠭᠡᠵᠦ ᠴᠢᠬᠤᠯᠠᠴᠢᠯᠠᠪᠠ᠃ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠬᠦ᠂ ᠬᠡᠷᠡᠭᠯᠡᠭᠡᠨ ᠤ ᠳᠠᠯᠳᠠ ᠴᠢᠳᠠᠪᠤᠷᠢ ᠶᠢ ᠪᠠᠳᠠᠷᠠᠭᠤᠯᠬᠤ ᠭᠤᠷᠪᠠᠨ ᠲᠠᠯ᠎ᠠ ᠪᠠᠷ ᠪᠥᠬᠦ ᠲᠠᠯ᠎ᠠ ᠪᠠᠷ ᠬᠦᠴᠦᠯᠡᠵᠦ᠂ ᠪᠦᠬᠦ ᠵᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 7% ᠣᠷᠴᠢᠮ ᠢᠶᠠᠷ ᠨᠡᠮᠡᠭᠳᠡᠭᠦᠯᠬᠦ ᠬᠠᠷᠠᠯᠲᠠ ᠶᠢ ᠪᠡᠶᠡᠯᠡᠭᠦᠯᠬᠦ ᠶᠢ ᠪᠠᠲᠤᠯᠠᠨ᠎ᠠ᠃       ᠪᠦᠭᠦᠳᠡ ᠬᠤᠷᠠᠯ ᠠᠴᠠ᠂ ᠬᠦᠴᠦ ᠪᠠᠨ ᠲᠥᠪᠯᠡᠷᠡᠭᠦᠯᠦᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠡᠭᠡᠷ᠎ᠡ ᠨᠡᠩ ᠶᠡᠭᠡ 《 ᠳᠥᠷᠪᠡᠨ ᠬᠥᠪᠡᠭᠦᠨ ᠤ ᠸᠠᠩ ᠤᠨ ᠭᠠᠪᠢᠶ᠎ᠠ ᠵᠢᠳᠬᠦᠯ 》 ᠭᠠᠷᠭᠠᠬᠤ ᠶᠢ ᠱᠠᠭᠠᠷᠳᠠᠪᠠ᠃《 ᠲᠠᠪᠤᠨ ᠶᠡᠭᠡ ᠡᠭᠦᠷᠭᠡ 》 ᠶᠢ ᠬᠦᠴᠦ ᠲᠠᠯᠪᠢᠨ ᠨᠠᠶᠢᠳᠠᠪᠤᠷᠢᠵᠢᠭᠤᠯᠵᠤ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠦᠷ᠎ᠡ ᠪᠦᠲᠦᠮᠵᠢ  ᠪᠠᠷ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠪᠠ ᠨᠤᠲᠤᠭ ᠪᠡᠯᠴᠢᠭᠡᠷ ᠤᠨ ᠬᠠᠮᠠᠭᠠᠯᠠᠯᠲᠠ ᠶᠢ ᠶᠡᠷᠦᠩᠬᠡᠶᠢᠯᠡᠨ ᠪᠣᠳᠣᠯᠬᠢᠯᠠᠵᠤ᠂ ᠨᠤᠲᠤᠭ ᠪᠡᠯᠴᠢᠭᠡᠷ ᠰᠡᠯᠭᠦᠨ ᠮᠠᠯᠵᠢᠬᠤ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠲᠠᠯ᠎ᠠ ᠪᠠᠷ ᠤᠷᠢᠳᠠᠪᠡᠷ ᠬᠡᠷᠡᠭᠵᠢᠭᠦᠯᠵᠦ ᠤᠷᠢᠳᠠᠪᠡᠷ ᠲᠤᠷᠰᠢᠨ᠎ᠠ ᠃ ᠬᠢᠯᠢ ᠬᠢᠵᠠᠭᠠᠷ ᠣᠷᠣᠨ ᠤ 《 ᠤᠰᠤ ᠴᠠᠬᠢᠯᠭᠠᠨ ᠵᠠᠮ ᠴᠢᠮᠡᠭᠡ 》 ᠴᠡᠷᠢᠭ ᠪᠠ ᠣᠷᠣᠨ ᠨᠤᠲᠤᠭ ᠤᠨ ᠨᠢᠭᠡ ᠴᠣᠭᠴᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠤᠣᠯᠳᠠᠯᠭ᠎ᠠ  ᠲᠠᠢ ᠰᠠᠶᠢᠲᠤᠷ ᠬᠡᠷᠡᠭᠵᠢᠭᠦᠯᠵᠦ᠂ ᠮᠠᠨ ᠤ ᠬᠤᠰᠢᠭᠤᠨ ᠤ ᠪᠣᠳᠠᠲᠠᠢ ᠳᠤ ᠲᠣᠬᠢᠷᠠᠬᠤ ᠬᠢᠯᠢ ᠬᠢᠵᠠᠭᠠᠷ ᠣᠷᠣᠨ ᠳᠤ ᠬᠥᠮᠦᠨ ᠲᠠᠲᠠᠵᠤ ᠬᠥᠮᠦᠨ ᠦᠯᠡᠳᠡᠭᠡᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠰᠦᠪᠡᠭᠴᠢᠯᠡᠨ᠎ᠡ ᠃《 ᠥᠩᠭᠡ ᠭᠡᠷᠡᠯᠲᠦ ᠤᠰᠤᠲᠥᠷᠥ ᠪᠠᠷ ᠤᠰᠤᠲᠥ᠋ᠷᠥᠭᠴᠢ ᠬᠢᠬᠦ 》 ᠶᠢᠨ ᠲᠣᠭᠤᠷᠢᠨ ᠳᠤ ᠨᠢᠭᠡ ᠪᠦᠯᠦᠭ ᠢᠷᠡᠭᠡᠳᠦᠢ ᠶᠢᠨ ᠠᠵᠤ ᠦᠢᠯᠡᠰ ᠢ  ᠨᠢᠭᠲᠠ ᠤᠶᠠᠯᠳᠤᠭᠤᠯᠤᠨ᠂ ᠬᠠᠮᠤᠭ ᠤᠨ ᠣᠬᠤᠷ ᠬᠤᠭᠤᠴᠠᠭ᠎ᠠ ᠶᠢ ᠬᠡᠷᠡᠭᠯᠡᠵᠦ ᠪᠠᠶᠢᠭᠠᠳ ᠳᠥᠷᠪᠡᠳ ᠬᠤᠰᠢᠭᠤ ᠶᠢ ᠪᠦᠬᠦ ᠤᠯᠤᠰ ᠤᠨ ᠬᠠᠮᠤᠭ ᠤᠨ ᠶᠡᠭᠡ 《 ᠤᠰᠤᠲᠥᠷᠥᠭᠴᠢ ᠨᠡᠶᠢᠰᠯᠡᠯ 》 ᠪᠣᠯᠭᠠᠨ ᠪᠠᠶᠢᠭᠤᠯᠵᠤ᠂ ᠵᠢᠯ ᠤᠨ ᠡᠴᠦᠰ ᠲᠤ ᠮᠢᠩᠭᠠᠨ ᠲᠦᠮᠡᠨ ᠺᠢᠯᠣᠸᠠᠲ ᠤᠨ ᠳᠡᠰ ᠤᠨ ᠲᠣᠮᠣ ᠬᠡᠯᠪᠡᠷᠢ ᠶᠢᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠢ ᠰᠢᠨ᠎ᠡ ᠠᠯᠬᠤᠴᠠ ᠲᠠᠢ ᠪᠣᠯᠭᠠᠬᠤ ᠪᠠᠷ ᠴᠢᠷᠮᠠᠶᠢᠨ᠎ᠠ ᠃ ᠲᠥᠮᠦᠰᠦᠨ ᠤ ᠠᠵᠤ ᠦᠢᠯᠡᠰ ᠤᠨ ᠬᠦᠷᠢᠶᠡᠯᠡᠩ᠂  ᠢᠳᠡᠰᠢᠨ ᠬᠤᠨᠢᠨ ᠤ ᠦᠷ᠎ᠡ ᠶᠢᠨ ᠲᠥᠪ ᠤᠨ ᠪᠦᠲᠦᠭᠡᠨ ᠪᠠᠶᠢᠭᠤᠯᠤᠯᠲᠠ ᠪᠠᠷ ᠭᠤᠣᠯ ᠳᠠᠭᠠᠷᠢᠬᠤ ᠬᠠᠷᠠᠯᠲᠠ ᠪᠣᠯᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠪᠣᠭᠤᠮᠢ ᠬᠢᠵᠠᠭᠠᠷᠯᠠᠯ ᠢ ᠰᠢᠪᠲᠤᠯᠬᠤ ᠠᠵᠢᠯ ᠤᠨ ᠠᠷᠭ᠎ᠠ ᠬᠡᠮᠵᠢᠶ᠎ᠡ ᠶᠢ ᠲᠣᠭᠲᠠᠭᠠᠨ᠎ᠠ᠃《 ᠵᠢᠷᠭᠤᠭᠠᠨ ᠢᠨᠵᠧᠨᠧᠷᠢᠩ 》 ᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ᠃ ᠵᠢᠯ ᠤᠨ ᠡᠭᠦᠷᠭᠡ ᠶᠢᠨ ᠱᠠᠭᠠᠷᠳᠠᠯᠭ᠎ᠠ ᠲᠠᠢ ᠬᠠᠷᠢᠴᠠᠭᠤᠯᠵᠤ᠂ ᠵᠦᠢᠯ ᠳᠠᠷᠠᠭᠠᠯᠠᠨ ᠴᠢᠩᠭ᠎ᠠ ᠠᠩᠬᠠᠷᠴᠤ ᠨᠠᠶᠢᠳᠠᠪᠤᠷᠢᠵᠢᠭᠤᠯᠬᠤ ᠬᠡᠷᠡᠭᠲᠡᠢ᠃《 ᠵᠢᠱᠢᠶᠡᠴᠢ ᠥᠪᠡᠷᠲᠡᠭᠡᠨ ᠵᠠᠰᠠᠬᠤ ᠣᠷᠣᠨ 》 ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠠᠪᠤᠳᠠᠯ ᠢ ᠭᠦᠨᠵᠡᠭᠡᠢ ᠪᠥᠭᠡᠳ ᠪᠣᠳᠠᠲᠠᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠠᠵᠢᠯ ᠤᠨ ᠭᠤᠣᠯ ᠱᠤᠭᠤᠮ ᠢ ᠲᠤᠤᠱᠯᠠᠭᠤᠯᠬᠤ 《 ᠬᠤᠭᠤᠰᠣᠨ᠂ ᠪᠦᠳᠦᠭᠦᠯᠢᠭ᠂ ᠲᠦᠭᠡᠮᠡᠯ 》 ᠪᠠᠶᠢᠬᠤ ᠠᠰᠠᠭᠤᠳᠠᠯ ᠢ ᠭᠤᠣᠯᠳᠠᠯᠭ᠎ᠠ ᠲᠠᠢ ᠰᠠᠶᠢᠲᠤᠷ ᠰᠢᠢᠳᠪᠦᠷᠢᠯᠡᠵᠦ᠂ ᠣᠯᠠᠨ ᠲᠦᠮᠡᠨ ᠢ ᠬᠥᠮᠦᠵᠢᠭᠦᠯᠬᠦ ᠭᠦᠨ ᠪᠤᠰᠤ ᠵᠢᠵᠢᠭ ᠪᠤᠰᠤ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠤᠮᠠᠷᠠᠲᠤ ᠬᠢᠯᠢ ᠶᠢᠨ ᠰᠣᠶᠣᠯ ᠤᠨ ᠪᠦᠲᠦᠭᠡᠨ ᠪᠠᠶᠢᠭᠤᠯᠤᠯᠲᠠ ᠬᠤᠴᠣᠷᠴᠤ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃       ᠪᠦᠭᠦᠳᠡ ᠬᠤᠷᠠᠯ ᠠᠴᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠲᠠᠯ᠎ᠠ ᠪᠠᠷ ᠨᠡᠩ ᠣᠯᠠᠨ 《 ᠳᠥᠷᠪᠡᠨ ᠬᠥᠪᠡᠭᠦᠨ ᠸᠠᠩ ᠨᠠᠷ ᠤᠨ ᠠᠷᠭ᠎ᠠ ᠬᠡᠶᠢᠳᠡᠯ ᠢ ᠰᠦᠪᠡᠭᠴᠢᠯᠡᠬᠦ ᠬᠡᠷᠡᠭᠲᠡᠢ 》 ᠭᠡᠵᠦ ᠴᠢᠬᠤᠯᠠᠴᠢᠯᠠᠪᠠ᠃ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠢ ᠰᠠᠬᠢᠵᠤ᠂ ᠣᠷᠣᠯᠭ᠎ᠠ ᠶᠢ ᠨᠡᠮᠡᠭᠳᠡᠭᠦᠯᠦᠨ᠂ ᠥᠭᠡᠷᠡᠴᠢᠯᠡᠯᠲᠡ ᠶᠢ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠤᠷᠠᠳᠤᠭᠰᠠᠨ 《 ᠳᠣᠯᠣᠭᠠᠨ ᠶᠠᠮᠠᠷ 》 ᠠᠰᠠᠭᠤᠳᠠᠯ ᠢ ᠴᠢᠩᠭ᠎ᠠ ᠠᠩᠬᠠᠷᠴᠤ᠂ ᠪᠣᠳᠠᠲᠠᠢ ᠪᠠᠶᠢᠳᠠᠯ ᠢ ᠪᠦᠬᠦ ᠲᠠᠯ᠎ᠠ ᠪᠠᠷ ᠲᠣᠳᠣᠷᠬᠠᠢ ᠣᠶᠢᠯᠠᠭᠠᠵᠤ᠂ ᠬᠡᠪᠴᠢᠶᠡᠲᠦ ᠴᠢᠨᠠᠷᠲᠠᠢ ᠳᠠᠬᠢᠵᠤ ᠶᠠᠳᠠᠭᠤᠷᠠᠭᠤᠯᠬᠤ ᠦᠭᠡᠢ ᠪᠠᠶᠢᠬᠤ ᠶᠢ ᠨᠠᠭᠠᠳᠤ ᠵᠠᠬ᠎ᠠ ᠶᠢᠨ ᠡᠭᠦᠷᠭᠡ ᠪᠠᠨ ᠪᠣᠯᠭᠠᠵᠤ᠂ ᠥᠭᠡᠷᠡᠴᠢᠯᠡᠯᠲᠡ ᠶᠢᠨ ᠠᠷᠭ᠎ᠠ ᠮᠠᠶ᠋ᠢᠭ ᠢᠶᠠᠷ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠬᠦᠴᠢᠷ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃        ᠪᠦᠭᠦᠳᠡ ᠬᠤᠷᠠᠯ ᠠᠴᠠ ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ  ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠵᠤ᠂ ᠰᠡᠳᠬᠢᠯ ᠢᠶᠠᠨ ᠨᠢᠭᠲᠡᠷᠠᠭᠤᠯᠤᠨ ᠬᠦᠴᠦᠨ ᠢᠶᠠᠨ ᠲᠥᠪᠯᠡᠷᠡᠭᠦᠯᠵᠦ᠂ ᠦᠨᠡᠨᠬᠦ ᠠᠳᠬᠤᠵᠤ ᠪᠣᠳᠠᠲᠠᠢ ᠠᠵᠢᠯᠯᠠᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠳᠥᠷᠪᠡᠳᠦᠭᠡᠷ ᠬᠥᠪᠡᠭᠦᠨ ᠸᠠᠩ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ ᠭᠡᠵᠦ ᠤᠷᠢᠶᠠᠯᠠᠪᠠ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2