ᠢᠦᠢ ᠳ᠋ᠠᠢ ᠴᠢᠩ  ᠠᠴᠠ ᠠᠷᠠᠳ ᠤᠨ ᠠᠮᠢᠳᠤᠷᠠᠯ ᠤᠨ ᠠᠵᠢᠯ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/8/28
      ᠢᠦᠢ ᠳ᠋ᠠᠢ ᠴᠢᠩ  ᠠᠴᠠ ᠠᠷᠠᠳ ᠤᠨ ᠠᠮᠢᠳᠤᠷᠠᠯ ᠤᠨ ᠠᠵᠢᠯ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ      8 ᠰᠠᠷ᠎ᠠ ᠶᠢᠨ 21 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ  ᠢᠦᠢ ᠳ᠋ᠠᠢ ᠴᠢᠩ ᠮᠠᠨ ᠤ ᠬᠤᠰᠢᠭᠤᠨ ᠤ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠦᠢᠯᠡᠳᠪᠦᠷᠢ᠂ ᠰᠢᠶᠠᠩ ᠷᠦᠢ ᠭᠡᠷ ᠣᠷᠣᠨ᠂ ᠸᠠᠩ ᠹᠦ ᠶᠠᠩ ᠹᠠᠩ᠂ ᠳ᠋ᠠ ᠾᠸᠢ ᠾᠧ ᠰᠢᠶᠠᠩ ᠵᠡᠷᠭᠡ ᠭᠠᠵᠠᠷ ᠣᠷᠣᠨ ᠢᠶᠠᠷ ᠭᠦᠨᠵᠡᠭᠡᠶᠢᠷᠡᠨ ᠬᠤᠭ ᠨᠣᠪᠰᠢ ᠶᠢ ᠰᠢᠢᠳᠪᠦᠷᠢᠯᠡᠬᠦ᠂ ᠪᠤᠴᠠᠭᠠᠨ ᠨᠡᠭᠦᠯᠭᠡᠬᠦ ᠠᠰᠠᠷ᠂ ᠢᠯᠴᠢ ᠳᠠᠮᠵᠢᠭᠤᠯᠬᠤ ᠥᠷᠲᠡᠭᠡ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠪᠠ 《 ᠨᠡᠭᠦᠷᠡᠰᠦ ᠶᠢ ᠴᠠᠬᠢᠯᠭᠠᠨ ᠪᠣᠯᠭᠠᠬᠤ 》 ᠢᠨᠵᠧᠨᠧᠷᠢᠩ ᠤᠨ ᠪᠠᠶᠢᠳᠠᠯ ᠢ ᠪᠠᠶᠢᠴᠠᠭᠠᠨ ᠰᠤᠳᠤᠯᠪᠠ᠃
8.22+1.jpeg
      ᠢᠦᠢ ᠳ᠋ᠠᠢ ᠴᠢᠩ ᠬᠡᠯᠡᠬᠦ ᠳᠡᠭᠡᠨ᠂ ᠬᠠᠶᠢᠷ᠎ᠠ ᠬᠠᠯᠠᠮᠵᠢ ᠶᠢᠨ ᠢᠨᠵᠧᠨᠧᠷᠢᠩ ᠪᠣᠯ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠪᠣᠯᠤᠨ᠎ᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠵᠠᠮ ᠤᠨ ᠲᠣᠣᠷ ᠤᠨ ᠪᠦᠲᠦᠴᠡ ᠶᠢ ᠲᠥᠪᠯᠡᠷᠡᠭᠦᠯᠦᠨ ᠲᠡᠭᠦᠯᠳᠡᠷᠵᠢᠭᠦᠯᠵᠦ᠂ ᠬᠠᠭᠤᠴᠢᠨ ᠬᠤᠭᠤᠯᠠᠢ ᠶᠢᠨ ᠲᠣᠣᠷ ᠢ ᠥᠭᠡᠷᠡᠴᠢᠯᠡᠬᠦ ᠵᠡᠷᠭᠡ ᠭᠤᠣᠯᠳᠠᠯᠭ᠎ᠠ ᠲᠠᠢ ᠡᠭᠦᠷᠭᠡ ᠶᠢ ᠰᠠᠶᠢᠲᠤᠷ ᠠᠳᠬᠤᠵᠤ᠂ ᠠᠮᠤᠷ ᠲᠦᠪᠰᠢᠨ ᠪᠣᠯᠤᠨ ᠢᠨᠵᠧᠨᠧᠷᠢᠩ ᠤᠨ ᠶᠠᠰᠤ ᠴᠢᠨᠠᠷ ᠢ ᠦᠨᠡᠨᠬᠦ ᠪᠠᠲᠤᠯᠠᠭᠰᠠᠨ ᠤᠷᠢᠳᠠᠯ ᠳᠣᠣᠷ᠎ᠠ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠲᠣᠬᠢᠷᠠᠭᠤᠯᠵᠤ᠂ ᠠᠬᠢᠴᠠ ᠶᠢ ᠵᠠᠪᠳᠤᠨ᠂ ᠬᠠᠶᠢᠷ᠎ᠠ ᠬᠠᠯᠠᠮᠵᠢ ᠶᠢᠨ ᠢᠨᠵᠧᠨᠧᠷᠢᠩ ᠢ ᠦᠨᠡᠨᠬᠦ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠵᠤ᠂ ᠠᠷᠠᠳ ᠣᠯᠠᠨ ᠤ ᠬᠠᠯᠠᠭᠤᠨ ᠳᠤᠯᠠᠭᠠᠨ ᠡᠪᠦᠯ ᠢ ᠥᠩᠭᠡᠷᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃ ᠵᠠᠰᠠᠭ ᠤᠨ ᠣᠷᠳᠣᠨ ᠢᠶᠠᠷ ᠭᠤᠣᠯᠯᠠᠭᠤᠯᠵᠤ ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠲᠦᠷᠦᠭᠦᠯᠡᠨ᠂ ᠴᠠᠬᠢᠯᠭᠠᠨ ᠤ ᠦᠢᠯᠡᠰ ᠤᠨ ᠰᠠᠯᠠᠭ᠎ᠠ ᠮᠥᠴᠢᠷ ᠳᠠᠭᠠᠵᠤ ᠣᠷᠣᠬᠤ ᠶᠢ ᠪᠠᠷᠢᠮᠲᠠᠯᠠᠵᠤ᠂ ᠲᠦᠷᠭᠡᠨ ᠪᠥᠭᠡᠳ ᠥᠨᠳᠥᠷ ᠦᠷ᠎ᠡ ᠪᠦᠲᠦᠮᠵᠢᠲᠡᠢ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠂ ᠲᠥᠬᠦᠭᠡᠷᠦᠮᠵᠢ ᠤᠭᠰᠠᠷᠠᠬᠤ᠂ ᠴᠠᠬᠢᠯᠭᠠᠨ ᠲᠣᠣᠷ ᠤᠨ ᠥᠭᠡᠷᠡᠴᠢᠯᠡᠯᠲᠡ᠂ ᠴᠠᠬᠢᠯᠭᠠᠨ ᠨᠡᠪᠲᠡᠷᠡᠴᠡ ᠶᠢᠨ ᠬᠦᠰᠦᠨᠦᠭᠲᠦ ᠶᠢ ᠰᠢᠰᠲ᠋ᠧᠮ ᠲᠠᠢ ᠪᠠᠷ ᠲᠦᠯᠬᠢᠨ ᠠᠬᠢᠭᠤᠯᠵᠤ᠂ 《 ᠨᠡᠭᠦᠷᠡᠰᠦ ᠶᠢ ᠴᠠᠬᠢᠯᠭᠠᠨ ᠪᠣᠯᠭᠠᠬᠤ 》 ᠠᠵᠢᠯ ᠤᠨ ᠡᠭᠦᠷᠭᠡ ᠪᠠᠨ ᠥᠨᠳᠥᠷ ᠬᠢᠷᠢ ᠬᠡᠮᠵᠢᠶ᠎ᠡ ᠲᠠᠢ᠂ ᠥᠨᠳᠥᠷ ᠶᠠᠰᠤ ᠴᠢᠨᠠᠷ ᠲᠠᠢ᠂ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ᠪᠤᠴᠠᠭᠠᠨ ᠨᠡᠭᠦᠯᠭᠡᠵᠦ ᠨᠡᠭᠦᠯᠭᠡᠬᠦ ᠭᠡᠷ ᠪᠠᠶᠢᠰᠢᠩ  ᠨᠢ ᠥᠷᠭᠡᠨ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠪᠤᠴᠠᠭᠠᠨ ᠨᠡᠭᠦᠯᠭᠡᠵᠦ ᠲᠥᠪᠬᠢᠨᠡᠭᠦᠯᠬᠦ ᠪᠣᠯ ᠠᠷᠠᠳ ᠣᠯᠠᠨ ᠤ ᠬᠠᠮᠤᠭ ᠤᠨ ᠶᠡᠭᠡ ᠬᠦᠰᠡᠯ ᠨᠠᠶᠢᠳᠠᠯᠭ᠎ᠠ ᠪᠣᠯᠬᠤ ᠲᠤᠯᠠ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠢᠳᠡᠪᠬᠢᠲᠡᠢ ᠪᠠᠷ ᠡᠮᠦᠨᠡᠬᠢ ᠦᠢᠯᠡᠴᠢᠯᠡᠭᠡᠨ ᠢ ᠲᠦᠰᠢᠭᠯᠡᠨ᠂ ᠭᠡᠷ ᠪᠠᠶᠢᠰᠢᠩ ᠬᠤᠪᠢᠶᠠᠷᠢᠯᠠᠬᠤ ᠲᠥᠰᠦᠯ ᠢᠶᠠᠨ ᠱᠠᠯᠠᠪᠳᠠᠨ ᠲᠡᠭᠦᠯᠳᠡᠷᠵᠢᠭᠦᠯᠵᠦ᠂ ᠥᠷᠭᠡᠨ ᠣᠯᠠᠨ ᠲᠦᠮᠡᠨ ᠤ ᠰᠢᠨ᠎ᠡ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠦᠨᠡᠨᠬᠦ ᠪᠠᠲᠤᠯᠠᠬᠤ ᠬᠡᠷᠡᠭᠲᠡᠢ᠃ᠵᠢᠵᠢᠭ ᠵᠡᠭᠡᠯᠢ ᠭᠤᠳᠤᠮᠵᠢ ᠶᠢ ᠥᠭᠡᠷᠡᠴᠢᠯᠡᠬᠦ ᠢᠨᠵᠧᠨᠧᠷᠢᠩ ᠪᠣᠯ ᠬᠤᠲᠠ ᠪᠠᠯᠭᠠᠰᠤ ᠶᠢᠨ ᠬᠦᠷᠦᠯᠴᠡᠬᠦ ᠥᠬᠡᠢ ᠲᠠᠯ᠎ᠠ ᠶᠢ ᠰᠢᠢᠳᠪᠦᠷᠢᠯᠡᠬᠦ ᠭᠤᠣᠯᠳᠠᠯᠭ᠎ᠠ ᠲᠠᠢ ᠢᠨᠵᠧᠨᠧᠷᠢᠩ ᠪᠣᠯᠬᠤ ᠲᠤᠯᠠ᠂ ᠵᠠᠮ ᠢ ᠥᠭᠡᠷᠡᠴᠢᠯᠡᠬᠦ ᠶᠠᠪᠤᠳᠠᠯ ᠢ ᠦᠨᠡᠨᠬᠦ ᠰᠠᠶᠢᠲᠤᠷ ᠬᠢᠵᠦ᠂ ᠬᠤᠭᠤᠯᠠᠢ ᠶᠢᠨ ᠲᠣᠣᠷ ᠰᠦᠯᠵᠢᠶ᠎ᠡ ᠶᠢ ᠳᠡᠪᠢᠰᠬᠦ ᠪᠠ ᠪᠣᠬᠢᠷ ᠤᠰᠤ ᠴᠤᠭᠯᠠᠭᠤᠯᠬᠤ ᠠᠵᠢᠯ ᠢ ᠦᠨᠡᠨᠬᠦ ᠰᠠᠶᠢᠲᠤᠷ ᠬᠢᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠰᠠᠭᠤᠭᠠᠯᠢ ᠠᠷᠠᠳ ᠲᠤ ᠲᠠᠭᠠᠯᠠᠮᠵᠢᠲᠠᠢ᠂ ᠳᠥᠭᠦᠮ ᠲᠦᠳᠡ ᠠᠮᠢᠳᠤᠷᠠᠯ ᠤᠨ ᠣᠷᠴᠢᠨ ᠲᠣᠭᠤᠷᠢᠨ ᠢ ᠪᠣᠢ ᠪᠣᠯᠭᠠᠵᠤ᠂ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠬᠦ ᠬᠡᠷᠡᠭᠲᠡᠢ᠃
8.22+2.jpeg
      ᠬᠤᠰᠢᠭᠤᠨ ᠤ ᠤᠳᠤᠷᠢᠳᠤᠯᠭ᠎ᠠ ᠵᠢᠶᠠ ᠰᠢᠶᠣᠣ ᠫᠢᠩ᠂ ᠤᠷᠠᠬᠠᠨ᠂ ᠰᠦ ᠰᠢᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠᠷ᠎ᠠ ᠪᠤᠯᠵᠠᠢ ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2