ᠯᠢ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠵᠢᠰᠦᠳᠦᠭᠡᠷ ᠤᠳᠠᠭ᠎ᠠ ᠶᠢᠨ ᠲᠤᠰᠬᠠᠢ ᠰᠡᠳᠦᠪᠲᠦ | ᠰᠤᠷᠤᠯᠴᠠᠯᠭ᠎ᠠ ᠶᠢ ᠡᠷᠬᠢᠯᠡᠪᠡ | | ᠰᠢᠨᠬᠤᠸᠠ ᠬᠤᠷᠢᠶᠠᠨ ᠤ ᠪᠡᠭᠡᠵᠢᠩ ᠤᠨ 8 ᠳ᠋ᠤᠭᠠᠷ ᠰᠠᠷ᠎ᠠ ᠶᠢᠨ 26 ᠤ ᠴᠠᠬᠢᠯᠭᠠᠨ ᠮᠡᠳᠡᠭᠡ 8 ᠳ᠋ᠤᠭᠠᠷ ᠰᠠᠷ᠎ᠠ ᠶᠢᠨ | 26 ᠤ ᠡᠳᠦᠷ ᠤᠨ ᠦᠳᠡ ᠶᠢᠨ ᠬᠤᠶᠢᠨ᠎ᠠ ᠲᠦᠷᠦ ᠶᠢᠨ ᠶᠠᠪᠤᠳᠠᠯ ᠤᠨ ᠬᠤᠷᠢᠶ᠎ᠠ ︽ᠬᠥᠮᠦᠨ ᠠᠮᠠ ᠶᠢᠨ ᠨᠠᠰᠤᠵᠢᠯᠲᠠ ᠶᠢ | ᠢᠳᠡᠪᠬᠢᠲᠡᠢ ᠠᠷᠭᠠᠴᠠᠭᠠᠬᠤ ᠤᠯᠤᠰ ᠤᠨ ᠪᠠᠶ᠋ᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠨᠠᠰᠤᠵᠢᠯ ᠤᠨ ᠦᠢᠯᠡᠰ ᠪᠠ | ᠨᠠᠰᠤᠵᠢᠯ ᠤᠨ ᠠᠵᠤ ᠦᠢᠯᠡᠰ ᠢ ᠬᠠᠮᠵᠢᠯᠴᠠᠨ ᠬᠥᠭᠵᠢᠭᠦᠯᠬᠦ ᠶᠢ ᠠᠬᠢᠭᠤᠯᠬᠤ︾ ᠪᠠᠷ ᠭᠤᠣᠯ ᠰᠡᠳᠦᠪ ᠪᠣᠯᠭᠠᠵᠤ᠂ | ᠵᠢᠰᠦᠳᠦᠭᠡᠷ ᠤᠳᠠᠭ᠎ᠠ ᠶᠢᠨ ᠲᠤᠰᠬᠠᠢ ᠰᠡᠳᠦᠪᠲᠦ ᠰᠤᠷᠤᠯᠴᠠᠯᠭ᠎ᠠ ᠬᠢᠪᠡ᠃ ᠲᠦᠷᠦ ᠶᠢᠨ ᠶᠠᠪᠤᠳᠠᠯ ᠤᠨ ᠬᠤᠷᠢᠶᠠᠨ ᠤ | ᠶᠡᠷᠦᠩᠬᠡᠢ ᠰᠠᠶᠢᠦᠨ ᠯᠢ ᠴᠢᠶᠠᠩ ᠰᠤᠷᠤᠯᠴᠠᠯᠭ᠎ᠠ ᠶᠢ ᠡᠷᠬᠢᠯᠡᠬᠦ ᠳᠤ ᠪᠠᠨ᠂ ᠨᠠᠰᠤᠵᠢᠯ ᠤᠨ ᠠᠵᠢᠯ ᠤᠨ ᠲᠤᠬᠠᠢ ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠣᠰᠣᠭᠠᠷ᠂ ᠬᠥᠮᠦᠨ ᠠᠮᠠ ᠶᠢᠨ | ᠨᠠᠰᠤᠵᠢᠯᠲᠠ ᠶᠢ ᠢᠳᠡᠪᠬᠢᠲᠡᠢ ᠠᠷᠭᠠᠴᠠᠭᠠᠬᠤ ᠤᠯᠤᠰ ᠤᠨ ᠪᠠᠶᠢᠯᠳᠤᠬᠤ ᠪᠤᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ | ᠢᠳᠡᠪᠬᠢᠲᠡᠢ ᠨᠠᠰᠤᠵᠢᠯ ᠤᠨ ᠦᠵᠡᠯᠲᠡ᠂ ᠡᠷᠡᠭᠦᠯ ᠮᠡᠨᠳᠦ ᠨᠠᠰᠤᠵᠢᠯᠲᠠ ᠶᠢᠨ ᠣᠨᠣᠯᠵᠢᠬᠤᠨ ᠢ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠪᠦᠬᠦ ᠶᠠᠪᠤᠴᠠ ᠳᠤ ᠠᠭᠤᠰᠤᠯᠴᠠᠭᠤᠯᠵᠤ᠂ ᠨᠠᠰᠤᠵᠢᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ | ᠨᠠᠰᠤᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠹᠦᠳᠠᠨ ᠶᠡᠭᠡ ᠰᠤᠷᠭᠠᠭᠤᠯᠢ ᠶᠢᠨ ᠫᠷᠤᠹᠧᠰᠰᠤᠷ ᠦ᠋ ᠢᠦᠢ ᠱᠤᠤ ᠲᠠᠶᠢᠯᠤᠮᠵᠢ ᠬᠢᠪᠡ᠃ ᠲᠥᠷᠥ ᠶᠢᠨ ᠶᠠᠪᠤᠳᠠᠯ ᠤᠨ | ᠬᠤᠷᠢᠶᠠᠨ ᠤ ᠳᠡᠳ᠋ ᠶᠡᠷᠦᠩᠬᠡᠶ ᠰᠠᠶᠢᠦᠨ ᠯᠢᠦ ᠭᠦᠸᠧ ᠵᠥᠩ᠂ ᠲᠥᠷᠥ ᠶᠢᠨ ᠶᠠᠪᠤᠳᠠᠯ ᠤᠨ ᠬᠤᠷᠢᠶᠠᠨ ᠤ ᠭᠡᠰᠢᠭᠦᠨ ᠸᠠᠩ | ᠰᠢᠶᠤᠤ ᠬᠤᠩ᠂ ᠱᠧᠨ ᠢ ᠴᠢᠨ ᠨᠠᠷ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ | | | | | | 8 ᠳ᠋ᠤᠭᠠᠷ ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨ᠎ᠠ ᠲᠥᠷᠥ ᠶᠢᠨ ᠶᠠᠪᠤᠳᠠᠯ ᠤᠨ ᠬᠤᠷᠢᠶ᠎ᠠ ︽ᠬᠥᠮᠦᠨ | ᠠᠮᠠ ᠶᠢᠨ ᠨᠠᠰᠤᠵᠢᠯᠲᠠ ᠶᠢ ᠢᠳᠡᠪᠬᠢᠲᠡᠶ ᠠᠷᠭᠠᠴᠠᠭᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ | ᠨᠠᠰᠤᠵᠢᠯ ᠤᠨ ᠦᠢᠯᠡᠰ ᠪᠠ ᠨᠠᠰᠤᠵᠢᠯ ᠤᠨ ᠠᠵᠤ ᠦᠢᠯᠡᠰ ᠢ ᠬᠠᠮᠵᠢᠯᠴᠠᠨ ᠬᠥᠭᠵᠢᠭᠦᠯᠬᠦ ᠶᠢ ᠠᠬᠢᠭᠤᠯᠬᠤ︾ ᠪᠠᠷ ᠭᠤᠤᠯ | ᠰᠡᠳᠦᠪ ᠪᠣᠯᠭᠠᠵᠤ᠂ ᠵᠢᠰᠦᠳᠦᠭᠡᠷ ᠤᠳᠠᠭ᠎ᠠ ᠶᠢᠨ ᠲᠤᠰᠬᠠᠶ ᠰᠡᠳᠦᠪᠲᠦ ᠰᠤᠷᠤᠯᠴᠠᠯᠭ᠎ᠠ ᠬᠢᠪᠡ᠃ ᠲᠦᠷᠦ ᠶᠢᠨ ᠶᠠᠪᠤᠳᠠᠯ ᠤᠨ | ᠬᠤᠷᠢᠶᠠᠨ ᠤ ᠶᠡᠷᠦᠩᠬᠡᠢ ᠰᠠᠶᠢᠦᠨ ᠯᠢ ᠴᠢᠶᠠᠩ ᠰᠤᠷᠤᠯᠴᠠᠯᠭ᠎ᠠ ᠶᠢ ᠡᠷᠬᠢᠯᠡᠪᠡ᠃ ᠰᠢᠨᠬᠤᠸᠠ ᠬᠤᠷᠢᠶᠠᠨ ᠤ | ᠰᠤᠷᠪᠤᠯᠵᠢᠯᠠᠭᠴᠢ ᠶᠤᠸᠠᠢ ᠶᠤᠸᠠᠢ ᠸᠧᠢ ᠰᠡᠭᠦᠳᠡᠷᠯᠡᠪᠡ | ᠯᠢ ᠴᠢᠶᠠᠩ ᠲᠣᠰ ᠲᠠᠶᠢᠯᠤᠮᠵᠢ ᠪᠠ ᠰᠠᠨᠠᠯ ᠢᠶᠠᠨ ᠰᠣᠯᠢᠯᠴᠠᠭᠰᠠᠨ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠬᠥᠮᠦᠨ | ᠠᠮᠠ ᠶᠢᠨ ᠨᠠᠰᠤᠵᠢᠯᠲᠠ ᠪᠣᠯ ᠬᠤᠶᠢᠰᠢᠲᠠ ᠶᠢᠨ ᠨᠡᠯᠢᠶᠡᠳ ᠤᠷᠳᠤ ᠬᠤᠭᠤᠴᠠᠭᠠᠨ ᠳᠠᠬᠢ ᠮᠠᠨ ᠤ ᠤᠯᠤᠰ ᠤᠨ ᠦᠨᠳᠦᠰᠦᠨ | ᠪᠠᠶᠢᠳᠠᠯ ᠮᠥᠨ᠃ ᠨᠠᠰᠤᠵᠢᠯᠲᠠ ᠶᠢᠨ ᠬᠥᠭᠵᠢᠯ ᠤᠨ ᠰᠢᠨ᠎ᠡ ᠪᠠᠶᠢᠳᠠᠯ ᠢ ᠪᠤᠰᠤᠳᠴᠢ ᠬᠤᠪᠢᠰᠤᠩᠭᠤᠢ ᠪᠠᠷ ᠦᠵᠡᠬᠦ ᠬᠡᠷᠡᠭᠲᠡᠢ | ᠃ ᠨᠠᠰᠤᠵᠢᠯᠳᠠ ᠠᠴᠠ ᠪᠣᠯᠣᠭᠰᠠᠨ ᠥᠷᠢᠰᠥᠯᠳᠦᠭᠡᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠮᠥᠷᠲᠡᠭᠡᠨ ᠪᠠᠰᠠ | ᠨᠠᠰᠤᠵᠢᠯᠳᠠ ᠳᠤ ᠰᠢᠨ᠎ᠡ ᠬᠥᠭᠵᠢᠯᠲᠡ ᠶᠢᠨ ᠲᠣᠬᠢᠶᠠᠯ ᠬᠠᠳᠠᠭᠠᠯᠠᠭᠳᠠᠵᠤ᠂ ᠨᠠᠰᠤᠵᠢᠭᠰᠠᠨ ᠬᠥᠮᠦᠨ ᠠᠮᠠ ᠴᠣ᠋ ᠨᠠᠨᠳᠢᠨ ᠡᠬᠢ | ᠪᠠᠶᠠᠯᠢᠭ ᠪᠣᠯᠬᠤ ᠶᠢ ᠣᠯᠵᠤ ᠬᠠᠷᠠᠬᠤ ᠬᠡᠷᠡᠭᠲᠡᠢ᠃ ᠪᠠᠶᠢᠳᠠᠯ ᠢ ᠠᠶᠠᠳᠠᠨ ᠳᠠᠭᠠᠵᠤ᠂ ᠰᠠᠨᠠᠭᠠᠴᠢᠯᠠᠭ᠎ᠠ ᠠᠴᠠ ᠪᠠᠨ | ᠠᠵᠢᠯᠯᠠᠵᠤ᠂ ᠪᠠᠶᠢᠯᠳᠤᠬᠤ ᠪᠣᠳᠣᠯᠭ᠎ᠠ ᠶᠢᠨ ᠮᠠᠭᠠᠳᠯᠠᠯᠲᠠ ᠪᠠᠨ ᠴᠢᠩᠭᠠᠳᠬᠠᠵᠤ᠂ ᠤᠷᠢᠳᠴᠢᠯᠠᠭᠰᠠᠨ ᠪᠠᠶᠢᠷᠢᠯᠠᠭᠤᠯᠤᠯᠲᠠ | ᠬᠢᠵᠦ᠂ ᠬᠥᠮᠦᠨ ᠠᠮᠠ ᠶᠢᠨ ᠨᠠᠰᠤᠵᠢᠯᠲᠠ ᠶᠢ ᠠᠷᠭᠠᠴᠠᠭᠠᠬᠤ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢ | ᠠᠬᠢᠭᠤᠯᠬᠤ ᠯᠤᠭ᠎ᠠ ᠤᠶᠠᠯᠳᠤᠭᠤᠯᠵᠤ᠂ ᠦᠢᠯᠡᠴᠢᠯᠡᠭᠡ᠂ ᠪᠠᠯᠠ ᠮᠥᠩᠭᠦ ᠪᠠ ᠲᠦᠷᠢᠮ ᠤᠨ ᠪᠠᠲᠤᠯᠠᠭ᠎ᠠ ᠶᠢ ᠴᠢᠩᠭᠠᠳᠬᠠᠵᠤ᠂ | ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠶ ᠠᠷᠭᠠᠴᠠᠭᠠᠬᠤ ᠶᠠᠪᠤᠴᠠ ᠳᠤ ᠬᠥᠭᠵᠢᠯᠲᠡ ᠶᠢᠨ ᠰᠢᠨ᠎ᠡ ᠬᠥᠳᠡᠯᠭᠡᠬᠦ | ᠡᠨᠧᠷᠭᠢ ᠶᠢ ᠪᠤᠶᠢᠵᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠯᠢ ᠴᠢᠶᠠᠩ᠂ ︽ᠥᠲᠡᠯᠦᠭᠰᠡᠳ ᠲᠤ ᠠᠰᠠᠷᠠᠮᠵᠢ ᠲᠠᠢ ᠪᠠᠶᠢᠯᠭᠠᠬᠤ︾ ᠦᠢᠯᠡᠴᠢᠯᠡᠭᠡᠨ ᠤ ᠪᠠᠲᠤᠯᠠᠭ᠎ᠠ ᠶᠢ | ᠴᠢᠩᠭᠠᠳᠬᠠᠵᠤ᠂ ᠳᠤᠲᠠᠭᠤᠳᠠᠯ ᠪᠠᠭᠤᠷᠠᠢ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠦ ᠶᠢᠨ ᠪᠤᠳᠤᠯᠭ᠎ᠠ ᠶᠢ | ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠢ᠃ ᠭᠡᠷ ᠲᠤ ᠪᠠᠨ ᠰᠠᠭᠤᠬᠤ ᠨᠡᠶᠢᠭᠡᠮ ᠲᠣᠭᠤᠷᠢᠭ ᠤᠨ ᠨᠠᠰᠤᠵᠢᠯ ᠤᠨ | ᠠᠰᠠᠷᠠᠮᠵᠢ ᠬᠦᠷᠲᠡᠬᠦ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠳᠦᠷ ᠤᠨ | ᠬᠠᠷᠠᠭᠠᠯᠵᠠᠯ᠂ ᠡᠷᠡᠭᠦᠯᠵᠢᠯ ᠰᠤᠪᠢᠯᠠᠯᠲᠠ᠂ ᠬᠡᠷ ᠲᠤ ᠬᠦᠷᠴᠦ ᠦᠢᠯᠡᠴᠢᠯᠡᠬᠦ ᠵᠡᠷᠭᠡ ᠴᠢᠳᠠᠪᠤᠷᠢ ᠶᠢ ᠴᠢᠩᠭᠠᠷᠠᠭᠤᠯᠤᠨ᠂ | ᠬᠠᠭᠤᠴᠢᠨ ᠰᠠᠭᠤᠭᠠᠯᠢ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠦᠲᠦᠮᠵᠢᠲᠡᠶ ᠠᠷᠭ᠎ᠠ ᠵᠠᠮ ᠢ | ᠰᠦᠪᠡᠭᠴᠢᠯᠡᠨ᠎ᠡ᠃ ᠭᠠᠵᠠᠷ ᠣᠷᠣᠨ ᠤ ᠪᠠᠶᠢᠳᠠᠯ ᠳᠤ ᠲᠣᠬᠢᠷᠠᠭᠤᠯᠤᠨ ᠬᠥᠳᠡᠭᠡ ᠲᠣᠰᠬᠤᠨ ᠤ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠰᠦᠯᠵᠢᠶ᠎ᠡ ᠶᠢ ᠲᠡᠭᠦᠯᠳᠡᠷᠵᠢᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠶ᠂ ᠰᠠᠭᠤᠷᠢ | ᠴᠢᠨᠠᠷᠲᠠᠶ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠶ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠬᠠᠩᠭᠠᠯᠭ᠎ᠠ ᠶᠢ | ᠥᠷᠭᠡᠳᠬᠡᠨ᠂ ᠣᠷᠣᠨ ᠨᠤᠲᠤᠭ ᠤᠨ ᠪᠣᠳᠠᠲᠠᠶ ᠲᠠᠢ ᠪᠠᠨ ᠤᠶᠠᠯᠳᠤᠭᠤᠯᠤᠨ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ | ᠠᠰᠠᠷᠠᠮᠵᠢ ᠥᠷᠨᠢᠭᠦᠯᠬᠦ ᠶᠢ ᠳᠡᠮᠵᠢᠨ᠎ᠡ᠃ ᠴᠢᠳᠠᠪᠤᠷᠢ ᠪᠠᠨ ᠠᠯᠳᠠᠭᠰᠠᠨ ᠨᠠᠰᠤᠲᠠᠳ ᠢ ᠬᠠᠷᠠᠭᠠᠯᠵᠠᠨ ᠠᠰᠠᠷᠠᠬᠤ | ᠬᠡᠷᠡᠭᠴᠡᠭᠡ ᠳᠤ ᠴᠢᠭᠯᠡᠭᠦᠯᠦᠨ᠂ ᠡᠮᠴᠢᠯᠡᠵᠦ ᠠᠰᠠᠷᠠᠬᠤ ᠪᠠ ᠰᠤᠪᠢᠯᠠᠵᠤ ᠠᠰᠠᠷᠠᠬᠤ ᠶᠢᠨ ᠦᠢᠯᠡᠳᠦᠯ ᠢ ᠭᠦᠨᠵᠡᠭᠡᠶ | ᠠᠬᠢᠭᠤᠯᠵᠤ᠂ ᠰᠤᠪᠢᠯᠠᠯᠲᠠ ᠶᠢᠨ ᠮᠠᠶ᠋ᠢᠭ ᠤᠨ ᠣᠷᠣ ᠶᠢᠨ ᠬᠠᠩᠭᠠᠯᠭ᠎ᠠ ᠶᠢ ᠨᠡᠮᠡᠭᠳᠡᠭᠦᠯᠵᠦ᠂ ᠣᠷᠳᠣ ᠬᠤᠭᠤᠴᠠᠭ᠎ᠠ ᠪᠠᠷ | ᠬᠠᠷᠠᠭᠠᠯᠵᠠᠨ ᠠᠰᠠᠷᠠᠬᠤ ᠦᠢᠯᠡᠴᠢᠯᠡᠭᠡ ᠶᠢ ᠬᠥᠭᠵᠢᠭᠦᠯᠦᠨ᠎ᠡ᠃ ᠶᠡᠭᠡ ᠭᠡᠪᠴᠢᠶᠡᠨ ᠤ ᠮᠡᠷᠭᠡᠰᠢᠯ ᠴᠢᠳᠡᠪᠦᠷᠢ ᠶᠢᠨ | ᠪᠣᠯᠪᠠᠰᠤᠷᠠᠯ ᠢ ᠦᠷᠨᠢᠬᠦᠯᠵᠦ᠂ ᠨᠠᠰᠣᠵᠢᠯ ᠤᠨ ᠰᠣᠪᠢᠯᠠᠯᠳᠡ ᠶᠢᠨ ᠠᠵᠢᠯ ᠮᠡᠷᠭᠡᠵᠢᠯ ᠤᠨ ᠳᠡᠳᠠᠬᠤ ᠬᠦᠴᠣᠨ ᠢ | ᠨᠡᠮᠡᠭᠳᠡᠭᠦᠯᠦᠨ᠎ᠡ᠃ ︽ᠥᠲᠡᠯᠦᠭᠰᠡᠳ ᠲᠤ ᠲᠦᠰᠢᠭ ᠲᠠᠢ ᠪᠠᠶᠢᠯᠭᠠᠬᠤ︾ ᠪᠡᠯᠡ ᠮᠥᠩᠭᠦ ᠶᠢᠨ ᠪᠠᠲᠤᠯᠠᠭ᠎ᠠ ᠶᠢ | ᠴᠢᠩᠭᠠᠳᠬᠠᠵᠤ᠂ ᠦᠨᠳᠦᠰᠦᠨ ᠨᠠᠰᠤᠵᠢᠯ ᠤᠨ ᠳᠠᠭᠠᠳᠬᠠᠯ ᠢ ᠪᠦᠬᠦ ᠤᠯᠤᠰ ᠲᠤ ᠨᠢᠭᠡᠳᠦᠯᠲᠡᠢ ᠲᠥᠯᠥᠪᠯᠡᠬᠦ ᠲᠦᠷᠢᠮ ᠢ | ᠲᠡᠭᠦᠯᠳᠡᠷᠵᠢᠭᠦᠯᠵᠦ᠂ ᠤᠯᠠᠨ ᠲᠡᠰ ᠳᠠᠪᠬᠤᠷᠭ᠎ᠠ ᠤᠯᠠᠨ ᠲᠤᠯᠭᠠᠭᠤᠷᠢ ᠪᠦᠬᠦᠢ ᠨᠠᠰᠤᠵᠢᠯ ᠤᠨ ᠳᠠᠭᠠᠳᠬᠠᠯ ᠤᠨ | ᠲᠣᠭᠲᠠᠯᠴᠠᠭ᠎ᠠ ᠶᠢ ᠲᠦᠷᠭᠡᠳᠬᠡᠨ ᠪᠦᠷᠢᠨᠰᠢᠭᠦᠯᠬᠦ ᠬᠡᠷᠡᠭᠲᠡᠢ᠃ ︽ᠥᠲᠡᠯᠦᠭᠰᠡᠳ ᠲᠤ ᠬᠢᠳᠡᠯ ᠲᠠᠢ ᠪᠠᠶᠢᠯᠭᠠᠬᠤ︾ | ᠳᠦᠷᠢᠮ ᠤᠨ ᠪᠠᠲᠤᠯᠠᠭ᠎ᠠ ᠶᠢ ᠴᠢᠩᠭᠠᠳᠬᠠᠵᠤ᠂ ᠨᠠᠰᠤᠲᠠᠶᠢᠴᠣᠣᠨ ᠤᠨ ᠬᠥᠮᠥᠨ ᠤ ᠬᠦᠴᠦᠨ ᠤ ᠡᠬᠢ ᠪᠠᠶᠠᠯᠢᠭ ᠢ | ᠢᠳᠡᠪᠬᠢᠲᠡᠢ ᠨᠡᠭᠡᠭᠡᠨ ᠬᠥᠭᠵᠢᠭᠦᠯᠵᠦ᠂ ᠨᠠᠰᠤᠲᠠᠶᠢᠴᠣᠣᠨ ᠲᠤ ᠲᠣᠬᠢᠷᠠᠭᠰᠠᠨ ᠤᠯᠠᠨ ᠶᠠᠩᠵᠤᠲᠤ᠂ ᠥᠪᠡᠷᠮᠢᠴᠡ | ᠠᠵᠢᠯ ᠤᠨ ᠪᠠᠶᠢᠷᠢ ᠶᠢ ᠡᠭᠦᠳᠬᠦ ᠬᠡᠷᠡᠭᠲᠡᠢ᠃ ᠪᠤᠭᠤᠷᠤᠯᠴᠤᠳ ᠤᠨ ᠠᠵᠤ ᠠᠬᠤᠢ ᠶᠢᠨ ᠪᠠᠭᠲᠠᠭᠠᠮᠵᠢ ᠶᠢ ᠥᠷᠭᠡᠳᠬᠡᠨ | ᠶᠠᠰᠤ ᠴᠢᠨᠠᠷ ᠢ ᠳᠡᠭᠡᠭᠰᠢᠯᠡᠭᠦᠯᠬᠦ ᠶᠢ ᠶᠡᠭᠡ ᠪᠠᠷ ᠠᠬᠢᠭᠤᠯᠵᠤ᠂ ᠨᠠᠰᠤᠲᠠᠶᠢᠴᠣᠣᠨ ᠤᠨ ᠬᠡᠷᠡᠭᠰᠡᠯ ᠢ ᠰᠤᠳᠤᠯᠤᠨ ᠨᠡᠭᠡᠭᠡᠬᠦ | ᠪᠠ ᠳᠡᠯᠭᠡᠷᠡᠭᠦᠯᠬᠦ ᠶᠢ ᠴᠢᠩᠭᠠᠳᠬᠠᠵᠤ᠂ ᠨᠠᠰᠤᠵᠢᠯ ᠤᠨ ᠦᠢᠯᠡᠴᠢᠯᠡᠭᠡᠨ ᠤ ᠪᠠᠶᠢᠳᠠᠯ ᠢ ᠲᠠᠰᠤᠷᠠᠯᠲᠠ ᠦᠭᠡᠢ | ᠪᠠᠶᠠᠯᠢᠭᠵᠢᠭᠤᠯᠵᠤ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠨᠠᠰᠤᠲᠠᠶᠢᠴᠤᠤᠨ ᠤᠨ | ᠬᠡᠷᠡᠭᠴᠡᠭᠡ ᠶᠢ ᠨᠡᠩ ᠰᠠᠶᠢᠳᠤᠷ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠯᠢ ᠴᠢᠶᠠᠩ᠂ ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠶ ᠠᠷᠭᠠᠴᠠᠭᠠᠬᠤ ᠪᠣᠯ ᠪᠥᠬᠦ ᠲᠠᠯ᠎ᠠ ᠶᠢᠨ ᠴᠢᠨᠠᠷᠲᠠᠶ᠂ | ᠣᠷᠳᠣ ᠬᠤᠭᠤᠴᠠᠭᠠᠨ ᠤ ᠴᠢᠨᠠᠷᠲᠠᠶ ᠴᠢᠬᠤᠯᠠ ᠶᠡᠭᠡ ᠪᠠᠶᠢᠯᠳᠤᠬᠤ ᠪᠣᠳᠣᠯᠭ᠎ᠠ ᠮᠥᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠨ ᠬᠠᠷᠢᠭᠤᠴᠠᠯᠭᠠᠲᠤ ᠰᠡᠳᠬᠢᠯᠭᠡ ᠲᠤᠯᠭᠠᠮ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠨᠡᠩ | ᠬᠠᠨᠳᠤᠯᠭᠠᠲᠤ ᠴᠢᠨᠠᠷᠲᠠᠢ ᠪᠠᠷ ᠲᠦᠷᠦ ᠶᠢᠨ ᠪᠤᠳᠤᠯᠭ᠎ᠠ ᠶᠢ ᠲᠣᠭᠲᠠᠭᠠᠨ ᠲᠡᠭᠦᠯᠳᠡᠷᠵᠢᠭᠦᠯᠵᠦ᠂ ᠨᠠᠰᠤᠵᠢᠯ ᠤᠨ ᠠᠵᠢᠯ | ᠳᠤᠮᠳᠠᠬᠢ ᠭᠤᠣᠯᠳᠠᠯᠭ᠎ᠠ ᠲᠠᠢ ᠬᠦᠴᠢᠷᠳᠡᠯ ᠲᠠᠢ ᠠᠰᠠᠭᠤᠳᠠᠯ ᠢ ᠰᠠᠶᠢᠳᠤᠷ ᠰᠢᠢᠳᠪᠦᠷᠢᠯᠡᠵᠦ᠂ ᠨᠠᠰᠤᠲᠠᠶᠢᠴᠣᠣᠨ ᠤᠨ | ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠳᠡᠪᠰᠢᠭᠦᠯᠦᠭᠴᠢ ᠄ ᠲᠡᠷᠭᠡᠯ | |