ᠮᠠᠨ ᠤ ᠬᠤᠰᠢᠭᠤ  ᠬᠤᠶᠠᠷ ᠮᠢᠩᠭ᠎ᠠ  ᠬᠤᠷᠢᠨ ᠳᠦᠷᠪᠡᠨ ᠣᠨ ᠤ ᠨᠠᠰᠤᠲᠠᠶᠢᠴᠤᠳ ᠤᠨ ᠲᠠᠯᠠᠪᠠᠢ ᠶᠢᠨ ᠪᠥᠵᠢᠭ ᠤᠨ ᠤᠷᠤᠯᠳᠤᠭᠠᠨ ᠤ ᠰᠣᠯᠢᠯᠴᠠᠭᠠᠨ ᠤ ᠠᠵᠢᠯᠯᠠᠭ᠎ᠠ ᠡᠷᠬᠢᠯᠡᠭᠰᠡᠨ
ᠨᠡᠶᠢᠲᠡᠯᠡᠭᠰᠡᠨ ᠴᠠᠭ᠄
2024/8/29
      ᠮᠠᠨ ᠤ ᠬᠤᠰᠢᠭᠤ  ᠬᠤᠶᠠᠷ ᠮᠢᠩᠭ᠎ᠠ  ᠬᠤᠷᠢᠨ ᠳᠦᠷᠪᠡᠨ ᠣᠨ ᠤ ᠨᠠᠰᠤᠲᠠᠶᠢᠴᠤᠳ ᠤᠨ ᠲᠠᠯᠠᠪᠠᠢ ᠶᠢᠨ ᠪᠥᠵᠢᠭ ᠤᠨ ᠤᠷᠤᠯᠳᠤᠭᠠᠨ ᠤ ᠰᠣᠯᠢᠯᠴᠠᠭᠠᠨ ᠤ ᠠᠵᠢᠯᠯᠠᠭ᠎ᠠ ᠡᠷᠬᠢᠯᠡᠭᠰᠡᠨ              8 ᠰᠠᠷ᠎ᠠ ᠶᠢᠨ 26 ᠤ ᠡᠳᠦᠷ᠂ ᠬᠤᠰᠢᠭᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠠᠴᠠ ᠨᠢᠮᠪᠠᠢ ᠵᠣᠬᠢᠶᠠᠨ ᠪᠠᠶᠢᠭᠤᠯᠤᠭᠰᠠᠨ 2024 ᠣᠨ ᠤ ᠨᠠᠰᠤᠲᠠᠶᠢᠴᠤᠳ ᠤᠨ ᠲᠠᠯᠠᠪᠠᠢ ᠶᠢᠨ ᠪᠥᠵᠢᠭ ᠤᠨ ᠤᠷᠤᠯᠳᠤᠭᠠᠨ ᠤ ᠰᠣᠯᠢᠯᠴᠠᠭᠠᠨ ᠤ ᠠᠵᠢᠯᠯᠠᠭ᠎ᠠ ᠦᠪᠡᠳᠡᠭᠰᠢ ᠶᠡᠬᠡᠪᠡᠷ ᠶᠠᠪᠤᠭᠳᠠᠵᠤ᠂ ᠨᠠᠰᠤᠲᠠᠶᠢᠴᠤᠳ ᠤᠨ ᠲᠠᠯᠠᠪᠠᠢ ᠶᠢᠨ ᠪᠥᠵᠢᠭ ᠤᠨ ᠪᠠᠭ᠋ᠠᠳᠠᠳ ᠤᠨ ᠢᠳᠡᠪᠬᠢᠲᠡᠢ ᠣᠷᠣᠯᠴᠠᠯᠭ᠎ᠠ ᠶᠢ ᠳᠠᠲᠠᠭᠰᠠᠨ ᠪᠠᠶᠢᠨ᠎ᠠ᠃         ᠲᠤᠰ ᠤᠳᠠᠭᠠᠨ ᠤ ᠠᠵᠢᠯᠯᠠᠭ᠎ᠠ ᠶᠢ ᠡᠷᠬᠢᠯᠡᠬᠦ ᠪᠠᠷ ᠳᠠᠮᠵᠢᠭᠤᠯᠤᠨ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠦᠢᠯᠡᠰ ᠤᠨ ᠤᠯᠠᠮ ᠨᠢᠭᠡ ᠠᠯᠬᠤᠮ ᠬᠥᠭᠵᠢᠬᠦ ᠶᠢ ᠲᠦᠯᠬᠢᠨ ᠠᠬᠢᠭᠤᠯᠵᠤ᠂ ᠨᠡᠩ ᠣᠯᠠᠨ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠵᠤ᠂ ᠬᠤᠶᠢᠰᠢᠳᠠ᠂ ᠬᠤᠰᠢᠭᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠨᠢ ᠪᠠᠰᠠ ᠦᠷᠭᠦᠯᠵᠢᠯᠡᠨ ᠡᠯ᠎ᠡ ᠲᠥᠷᠥᠯ ᠤᠨ ᠡᠯᠪᠡᠭ ᠪᠠᠶᠠᠯᠢᠭ ᠪᠡᠶ᠎ᠡ ᠶᠢᠨ ᠲᠠᠮᠢᠷ ᠤᠨ ᠬᠥᠳᠡᠯᠭᠡᠭᠡᠨ ᠥᠷᠨᠢᠭᠦᠯᠵᠦ᠂ ᠨᠠᠰᠤᠲᠠᠶᠢᠴᠤᠳ ᠲᠤ ᠨᠡᠩ ᠣᠯᠠᠨ ᠰᠣᠯᠢᠯᠴᠠᠭ᠎ᠠ ᠪᠠ ᠳᠠᠪᠲᠠᠨ ᠪᠣᠯᠪᠠᠰᠤᠷᠠᠬᠤ ᠵᠠᠪᠰᠢᠶᠠᠨ ᠣᠯᠭᠤᠵᠤ᠂ ᠲᠡᠳᠡᠨ ᠢ ᠡᠷᠡᠭᠦᠯ ᠴᠢᠭᠢᠷᠠᠭ᠂ ᠪᠠᠶᠠᠷ ᠬᠥᠷ ᠲᠠᠢ ᠠᠮᠢᠳᠤᠷᠠᠯ ᠠᠬᠤᠢ ᠶᠢᠨ ᠳᠤᠮᠳᠠ ᠥᠲᠡᠯᠦᠭᠡ ᠨᠠᠰᠤ  ᠪᠠᠨ ᠠᠮᠤᠷ ᠵᠢᠷᠭᠠᠯ ᠲᠠᠢ ᠦᠡᠭᠭᠡᠷᠡᠭᠦᠯᠬᠦ ᠶᠢ ᠬᠦᠰᠡᠨ ᠵᠣᠷᠢᠭᠰᠠᠨ ᠪᠠᠶᠢᠨ᠎ᠠ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄  ᠴᠧᠨ  ᠯᠢᠨ    ᠳ᠋ᠦᠩ ᠵᠢᠩᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2