ᠮᠠᠨ ᠤ ᠬᠤᠰᠢᠭᠤ ᠬᠤᠶᠠᠷ ᠮᠢᠩᠭ᠎ᠠ ᠬᠤᠷᠢᠨ ᠳᠦᠷᠪᠡᠨ ᠣᠨ ᠤ ᠪᠦᠬᠦ ᠬᠤᠰᠢᠭᠤᠨ ᠤ ᠦᠵᠡᠯ ᠤᠬᠠᠮᠰᠠᠷ ᠤᠨ ᠬᠡᠯᠪᠡᠷᠢ ᠵᠢᠴᠢ ᠰᠦᠯᠵᠢᠶᠡᠨ ᠤ ᠠᠮᠤᠷ ᠲᠦᠪᠰᠢᠨ ᠤ ᠪᠣᠯᠪᠠᠰᠤᠷᠠᠯ ᠡᠷᠬᠢᠯᠡᠭᠰᠡᠨ
ᠨᠡᠶᠢᠲᠡᠯᠡᠭᠰᠡᠨ ᠴᠠᠭ᠄
2024/8/29
      ᠮᠠᠨ ᠤ ᠬᠤᠰᠢᠭᠤ ᠬᠤᠶᠠᠷ ᠮᠢᠩᠭ᠎ᠠ ᠬᠤᠷᠢᠨ ᠳᠦᠷᠪᠡᠨ ᠣᠨ ᠤ ᠪᠦᠬᠦ ᠬᠤᠰᠢᠭᠤᠨ ᠤ ᠦᠵᠡᠯ ᠤᠬᠠᠮᠰᠠᠷ ᠤᠨ ᠬᠡᠯᠪᠡᠷᠢ ᠵᠢᠴᠢ ᠰᠦᠯᠵᠢᠶᠡᠨ ᠤ ᠠᠮᠤᠷ ᠲᠦᠪᠰᠢᠨ ᠤ ᠪᠣᠯᠪᠠᠰᠤᠷᠠᠯ ᠡᠷᠬᠢᠯᠡᠭᠰᠡᠨ                 8 ᠰᠠᠷ᠎ᠠ ᠶᠢᠨ 27 ᠤ ᠡᠳᠦᠷ᠂ ᠮᠠᠨ ᠤ ᠬᠤᠰᠢᠭᠤ 2024 ᠣᠨ ᠤ ᠪᠦᠬᠦ ᠬᠤᠰᠢᠭᠤᠨ ᠤ ᠦᠵᠡᠯ ᠤᠬᠠᠮᠰᠠᠷ ᠤᠨ ᠬᠡᠯᠪᠡᠷᠢ ᠵᠢᠴᠢ ᠰᠦᠯᠵᠢᠶᠡᠨ ᠤ ᠠᠮᠤᠷ ᠲᠦᠪᠰᠢᠨ ᠤ ᠪᠣᠯᠪᠠᠰᠤᠷᠠᠯ ᠡᠷᠬᠢᠯᠡᠭᠰᠡᠨ ᠪᠠᠶᠢᠨ᠎ᠠ᠃       ᠪᠣᠯᠪᠠᠰᠤᠷᠠᠯ ᠤᠨ ᠬᠤᠷᠠᠯ ᠨᠢ ᠭᠤᠣᠯᠳᠠᠭᠤ ᠶᠡᠷᠦᠩᠬᠡᠢ ᠱᠦᠵᠢ ᠰᠢ ᠶᠢᠨ ᠫᠢᠩ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠵᠢᠴᠢ ᠶᠠᠷᠢᠶ᠎ᠠ ᠬᠡᠯᠡᠯᠴᠡᠭᠡᠨ ᠢᠶᠠᠷ ᠬᠥᠲᠥᠯᠦᠨ ᠵᠢᠯᠣᠭᠤᠳᠬᠤ ᠠᠵᠢᠯ᠂ ᠰᠦᠯᠵᠢᠶᠡᠨ ᠤ ᠠᠮᠤᠷ ᠲᠦᠪᠰᠢᠨ ᠤ ᠬᠠᠮᠢᠶ᠎ᠠ ᠪᠦᠬᠦᠢ ᠮᠡᠳᠡᠯᠭᠡ ᠶᠢᠨ ᠲᠣᠭᠤᠷᠢᠨ ᠳᠤ ᠬᠢᠴᠢᠶᠡᠯ ᠣᠷᠣᠭᠤᠯᠵᠤ᠂ ᠪᠣᠯᠪᠠᠰᠤᠷᠠᠯ ᠨᠢ ᠭᠤᠣᠯ ᠰᠡᠳᠦᠪ ᠢᠯᠡ ᠲᠣᠳᠣᠷᠬᠠᠢ᠂ ᠠᠭᠤᠯᠭ᠎ᠠ  ᠪᠣᠳᠠᠲᠠᠢ᠂ ᠥᠷᠭᠡᠨ ᠣᠯᠠᠨ ᠺᠠᠳ᠋ᠷ ᠠᠵᠢᠯᠲᠠᠨ ᠤ ᠰᠢᠨ᠎ᠡ ᠴᠠᠭ ᠦᠶ᠎ᠡ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠵᠢᠴᠢ ᠰᠦᠯᠵᠢᠶᠡᠨ ᠤ ᠠᠮᠤᠷ ᠲᠦᠪᠰᠢᠨ ᠤ ᠠᠵᠢᠯ ᠢ ᠭᠦᠨᠵᠡᠭᠡᠢ ᠣᠶᠢᠯᠠᠭᠠᠬᠤ ᠪᠠ ᠣᠨᠣᠪᠴᠢᠲᠠᠢ ᠡᠵᠡᠮᠰᠢᠬᠦ ᠳᠤ ᠢᠳᠡᠪᠬᠢᠲᠡᠢ ᠵᠢᠯᠣᠭᠤᠳᠬᠤ ᠦᠢᠯᠡᠳᠦᠯ ᠦᠵᠡᠭᠦᠯᠦᠭᠰᠡᠨ ᠪᠠᠶᠢᠨ᠎ᠠ᠃      ᠡᠨᠡ ᠤᠳᠠᠭᠠᠨ ᠤ ᠪᠣᠯᠪᠠᠰᠤᠷᠠᠯ ᠳᠤ᠂ ᠺᠠᠳ᠋ᠷ ᠠᠵᠢᠯᠲᠠᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠢ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠺᠠᠳ᠋ᠷ ᠠᠵᠢᠯᠲᠠᠨ ᠤ  ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠦᠵᠡᠯ ᠤᠬᠠᠮᠰᠠᠷ ᠪᠠ ᠴᠢᠳᠠᠪᠤᠷᠢ ᠶᠢ ᠨᠢ ᠴᠢᠩᠭᠠᠳᠬᠠᠵᠤ᠂ ᠬᠤᠷᠠᠯ ᠳᠤ ᠣᠷᠣᠯᠴᠠᠭᠰᠠᠳ ᠲᠤ ᠪᠣᠯᠪᠠᠰᠤᠷᠠᠯ ᠤᠨ ᠠᠭᠤᠯᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠭᠤᠯᠵᠤ᠂ ᠰᠤᠷᠤᠯᠭ᠎ᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠬᠤᠪᠢᠷᠠᠭᠤᠯᠬᠤ ᠶᠢ ᠠᠬᠢᠭᠤᠯᠵᠤ᠂ ᠰᠤᠷᠴᠤ ᠡᠵᠡᠮᠰᠢᠭᠰᠡᠨ ᠠᠵᠢᠯ ᠤᠨ ᠠᠷᠭ᠎ᠠ᠂ ᠰᠢᠨ᠎ᠡ ᠶᠢ ᠡᠭᠦᠳᠬᠦ ᠣᠶᠢᠯᠠᠭᠠᠭᠳᠠᠬᠤᠨ ᠢ ᠪᠣᠳᠠᠲᠠᠢ ᠠᠵᠢᠯ ᠤᠨ ᠳᠤᠮᠳᠠ ᠪᠠᠨ ᠬᠡᠷᠡᠭᠯᠡᠵᠦ᠂ ᠠᠵᠢᠯ ᠤᠨ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ ᠬᠤᠰᠢᠭᠤᠨ ᠤ ᠦᠵᠡᠯ ᠤᠬᠠᠮᠰᠠᠷ ᠤᠨ ᠬᠡᠯᠪᠡᠷᠢ ᠪᠠ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ ᠭᠡᠰᠡᠨ ᠪᠠᠶᠢᠨ᠎ᠠ᠃       ᠪᠦᠬᠦ ᠬᠤᠰᠢᠭᠤᠨ ᠤ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠦᠵᠡᠯ ᠤᠬᠠᠮᠰᠠᠷ ᠤᠨ ᠬᠡᠯᠪᠡᠷᠢ ᠪᠠ ᠰᠦᠯᠵᠢᠶᠡᠨ ᠤ ᠠᠮᠤᠷ ᠲᠦᠪᠰᠢᠨ ᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠠᠮᠢᠶ᠎ᠠ ᠪᠦᠬᠦᠢ ᠬᠠᠷᠢᠭᠤᠴᠠᠯᠭᠠᠲᠠᠨ ᠪᠣᠯᠪᠠᠰᠤᠷᠠᠯ ᠳᠤ ᠣᠷᠣᠯᠴᠠᠵᠠᠢ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄  ᠴᠧᠨ  ᠯᠢᠨ    ᠳ᠋ᠦᠩ ᠵᠢᠩᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2