ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠠᠵᠢᠯ ᠢ ᠰᠤᠳᠤᠯᠤᠨ ᠪᠠᠶᠢᠷᠢᠯᠠᠭᠤᠯᠪᠠ | ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ | | ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 25 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶᠠᠨ ᠤ | ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ 7 ᠰᠠᠷ᠎ᠠ ᠶᠢᠨ 25 ᠤ ᠡᠳᠦᠷ ᠬᠤᠷᠠᠯ ᠬᠤᠷᠠᠯᠳᠤᠭᠤᠯᠵᠤ᠂ | ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠠᠵᠢᠯ ᠢ ᠰᠤᠳᠤᠯᠤᠨ ᠪᠠᠶᠢᠷᠢᠯᠠᠭᠤᠯᠪᠠ᠃ | ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠭᠰᠡᠨ ᠪᠥᠭᠡᠳ ᠴᠢᠬᠤᠯᠠ ᠶᠠᠷᠢᠶ᠎ᠠ | ᠲᠠᠯᠪᠢᠪᠠ᠃ | ᠬᠤᠷᠠᠯ ᠠᠴᠠ᠂ ᠡᠨᠡ ᠵᠢᠯ ᠤᠨ ᠮᠠᠨ ᠤ ᠤᠯᠤᠰ ᠤᠨ ᠠᠭᠤᠷ ᠠᠮᠢᠰᠬᠤᠯ ᠤᠨ ᠵᠢᠯ ᠤᠨ ᠥᠩᠭᠡ ᠠᠨᠠᠢ᠂ ᠰᠢᠷᠦᠭᠦᠨ | ᠪᠣᠷᠣᠭᠠᠨ ᠣᠷᠣᠬᠤ ᠶᠠᠪᠤᠴᠠ ᠤᠯᠠᠨ᠂ ᠦᠷᠭᠦᠯᠵᠢᠯᠡᠬᠦ ᠴᠠᠭ ᠤᠷᠳᠤ᠂ ᠭᠤᠣᠯ ᠮᠥᠷᠡᠨ ᠤ ᠦᠶᠡᠷ ᠡᠷᠲᠡ ᠡᠭᠦᠰᠴᠦ᠂ | ᠬᠤᠪᠢᠷᠠᠯᠲᠠ ᠲᠦᠷᠭᠡᠨ ᠪᠠᠶ᠋ᠢᠵᠤ᠂ ᠵᠠᠷᠢᠮ ᠭᠠᠵᠠᠷ ᠣᠷᠣᠨ ᠲᠠᠭᠢᠨ ᠳᠠᠪᠲᠠᠨ ᠰᠢᠷᠦᠭᠦᠨ ᠪᠣᠷᠣᠭᠠᠨ ᠳᠤ ᠳᠠᠭᠠᠷᠢᠬᠳᠠᠵᠤ᠂ | ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠪᠠᠶᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠨ᠎ᠠ᠃ ᠰᠢ ᠶᠢᠨ | ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ | ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠳᠠᠷᠤᠢ ᠲᠦᠷᠭᠡᠨ ᠬᠥᠳᠡᠯᠦᠯᠴᠡᠵᠦ᠂ ᠪᠦᠭᠦ ᠬᠦᠴᠦ ᠪᠠᠷ ᠢᠶᠠᠨ | ᠠᠷᠭᠠᠴᠠᠵᠤ᠂ ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠡᠷᠦᠩᠬᠡᠢ ᠵᠢᠯᠤᠭᠤᠳᠬᠤ ᠭᠠᠵᠠᠷ᠂ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ | ᠬᠦᠴᠦ ᠪᠠᠨ ᠬᠠᠮᠲᠤᠳᠬᠠᠨ ᠬᠠᠮᠵᠢᠯᠴᠠᠵᠤ᠂ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ᠂ | ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠭᠢ ᠪᠣᠯᠣᠨ | ᠡᠯ᠎ᠡ ᠲᠦᠷᠦᠯ ᠤᠨ ᠲᠤᠰᠬᠠᠢ ᠠᠪᠤᠷᠠᠨ ᠲᠤᠰᠠᠯᠠᠬᠤ ᠬᠦᠴᠦᠨ ᠵᠠᠷᠯᠢᠭ ᠢ ᠰᠣᠨᠣᠰᠤᠮᠠᠭᠴᠠ ᠪᠠᠨ ᠬᠥᠳᠡᠯᠦᠯᠴᠡᠵᠦ᠂ ᠡᠮᠦᠨ᠎ᠡ | ᠭᠠᠪᠰᠢᠭᠠᠶ᠋ᠢᠯᠠᠵᠤ᠂ ᠥᠷᠭᠡᠨ ᠤᠯᠠᠨ ᠺᠠᠳ᠋ᠷ ᠤᠯᠠᠨ ᠲᠦᠮᠡᠨ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠲᠦᠮᠡᠨ | ᠤᠯᠠᠨ ᠢᠶᠠᠷ ᠢᠶᠠᠨ ᠪᠣᠯᠣᠳ ᠬᠡᠷᠡᠮ ᠪᠣᠯᠵᠤ᠂ ᠭᠡᠷ ᠣᠷᠣᠨ ᠢᠶᠠᠨ ᠰᠠᠬᠢᠨ ᠬᠠᠮᠠᠭᠠᠯᠠᠬᠤ ᠪᠠᠲᠤ ᠪᠠᠬᠢ ᠰᠡᠷᠭᠡᠶ᠋ᠢᠯᠡᠯᠲᠡ ᠶᠢᠨ | ᠱᠤᠭᠤᠮ ᠢ ᠬᠠᠮᠲᠤ ᠪᠠᠷ ᠴᠣᠭᠴᠠᠯᠠᠵᠤ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠠᠵᠢᠯ | ᠴᠢᠬᠤᠯᠠ ᠱᠠᠲᠤᠴᠢ ᠴᠢᠨᠠᠷᠲᠠᠢ ᠦᠷ᠎ᠡ ᠪᠦᠲᠦᠭᠡᠯ ᠣᠯᠵᠠᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠣᠳᠣᠬᠠᠨ ᠳᠤ ᠮᠠᠨ ᠤ ᠤᠯᠤᠰ ᠶᠠᠭ ︽ᠲᠤᠯᠤᠭᠠᠨ ᠰᠠᠷ᠎ᠠ ᠶᠢᠨ ᠰᠡᠭᠦᠯᠴᠢ ᠨᠠᠶᠢᠮᠠᠨ ᠰᠠᠷ᠎ᠠ ᠶᠢᠨ | ᠡᠬᠢᠨ︾ ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ᠬᠥᠬᠡᠮᠥ᠋ᠷᠡᠨ ᠵᠡᠷᠭᠡ ᠰᠠᠪᠠ ᠭᠠᠵᠠᠷ ᠤᠨ | ᠦᠶᠡᠷ ᠤᠨ ᠣᠷᠭᠢᠯ ᠢ ᠰᠡᠷᠭᠡᠶᠢᠯᠡᠬᠦ᠂ ᠳᠠᠯᠠᠩ ᠰᠡᠳᠡᠷᠡᠭᠦ ᠠᠴᠠ ᠰᠡᠷᠭᠡᠶᠢᠯᠡᠬᠦ᠂ ᠤᠰᠤᠲᠤᠯ ᠢ ᠭᠠᠳᠠᠭᠰᠢᠯᠠᠭᠤᠯᠬᠤ | ᠳᠠᠷᠤᠯᠲᠠ ᠪᠠᠭᠤᠷᠠᠬᠤ ᠦᠭᠡᠢ ᠪᠠᠶᠢᠵᠦ᠂ ᠬᠠᠲᠤᠨ ᠭᠤᠣᠯ᠂ ᠬᠤᠸᠠᠶ᠋ᠢᠾᠧ ᠭᠤᠣᠯ᠂ ᠬᠠᠶ᠋ᠢᠾᠧ ᠭᠤᠣᠯ᠂ ᠰᠤᠩᠭᠠᠷᠢ | ᠮᠥᠷᠡᠨ ᠯᠢᠶᠣᠤᠾᠧ ᠭᠤᠣᠯ ᠤᠨ ᠰᠠᠪᠠ ᠭᠠᠵᠠᠷ ᠲᠤ ᠨᠡᠯᠢᠶᠡᠳ ᠬᠦᠨᠳᠦ ᠦᠶᠡᠷ ᠤᠨ ᠪᠠᠶᠢᠳᠠᠯ ᠭᠠᠷᠴᠤ ᠮᠡᠳᠡᠬᠦ ᠪᠥᠭᠡᠳ | ᠲᠠᠶ᠋ᠢᠹᠧᠩ ᠰᠠᠯᠬᠢ ᠢᠳᠡᠪᠬᠢ ᠬᠤᠭᠤᠴᠠᠭᠠᠨ ᠳᠤ ᠣᠷᠣᠬᠤ ᠲᠠᠢ ᠳᠠᠪᠬᠤᠴᠠᠵᠤ᠂ ᠦᠶᠡᠷ ᠢ ᠰᠡᠷᠭᠡᠶᠢᠯᠡᠬᠦ ᠪᠠᠶᠢᠳᠠᠯ ᠨᠠᠩ | ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠣᠯᠵᠤ ᠪᠠᠶ᠋ᠢᠨ᠎ᠠ᠃ ᠡᠯ᠎ᠡ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ | ᠮᠥᠴᠢᠷ ᠪᠣᠯᠣᠨ ᠨᠢᠭᠡᠴᠢ ᠶᠢᠨ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠡᠨᠡ ᠬᠦ ᠬᠥᠪᠴᠢ ᠶᠢ ᠢᠮᠠᠭᠲᠠ | ᠴᠢᠩᠭᠠᠯᠠᠵᠤ᠂ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠦᠶᠡᠷ ᠢ ᠰᠡᠷᠭᠡᠶᠢᠯᠡᠵᠦ ᠦᠶᠡᠷ ᠲᠠᠢ | ᠲᠡᠮᠡᠴᠡᠵᠦ ᠭᠠᠮᠰᠢᠭ ᠠᠴᠠ ᠠᠪᠤᠷᠠᠬᠤ ᠡᠨᠡ ᠬᠦ ᠬᠠᠲᠠᠭᠤ ᠳᠠᠶ᠋ᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠶᠢ ᠢᠮᠠᠭᠲᠠ ᠲᠡᠷᠢᠭᠦᠨ | ᠪᠠᠶᠢᠷᠢᠨ ᠳᠤ ᠲᠠᠯᠪᠢᠵᠤ᠂ ᠬᠢᠨᠠᠨ ᠬᠡᠮᠵᠢᠬᠦ ᠠᠷᠭ᠎ᠠ ᠪᠠᠷᠢᠯ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠷᠢᠳᠴᠢᠯᠠᠨ | ᠰᠡᠷᠡᠮᠵᠢᠯᠡᠭᠦᠯᠭᠦ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠤᠷᠢᠳᠴᠢᠯᠠᠨ ᠰᠡᠷᠡᠮᠵᠢᠯᠡᠭᠦᠯᠭᠦ ᠪᠠ ᠪᠠᠴᠢᠮ ᠪᠠᠶᠢᠳᠠᠯ ᠢ | ᠠᠷᠭᠠᠴᠠᠬᠤ ᠠᠵᠢᠯᠯᠠᠭ᠎ᠠ ᠶᠢᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠴᠤᠤᠷᠢᠶᠠᠲᠤᠨ ᠳᠠᠭᠠᠬᠤ ᠬᠤᠷᠳᠤᠴᠠ ᠶᠢ | ᠲᠦᠷᠭᠡᠳᠬᠡᠵᠦ᠂ ᠰᠡᠷᠭᠡᠶᠢᠯᠡᠬᠦ ᠭᠤᠣᠯᠳᠠᠯᠭ᠎ᠠ ᠶᠢ ᠳᠤᠪᠤᠶᠢᠯᠭᠠᠵᠣ᠂ ᠦᠨᠳᠦᠰᠦᠨ ᠱᠠᠲᠤᠨ ᠤ ᠦᠵᠦᠭᠦᠷ ᠬᠡᠰᠡᠭ ᠢ | ᠴᠢᠩᠭ᠎ᠠ ᠠᠩᠬᠠᠷᠴᠤ᠂ ᠠᠶᠤᠯᠲᠠᠢ ᠣᠷᠣᠨ ᠤ ᠣᠯᠠᠨ ᠲᠦᠮᠡᠨ ᠢ ᠤᠷᠢᠳᠴᠢᠯᠠᠨ ᠡᠷᠡᠰ ᠰᠢᠭᠤᠷᠬᠠᠢ ᠪᠠᠷ ᠰᠢᠯᠵᠢᠭᠦᠯᠵᠦ᠂ | ᠬᠥᠮᠥᠨ ᠬᠠᠷ᠎ᠠ ᠦᠬᠦᠵᠦ ᠰᠢᠷᠬᠠᠲᠤᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ ᠴᠢᠬᠤᠯᠠ ᠬᠠᠰᠢᠯᠭ᠎ᠠ | ᠴᠥᠭᠦᠷᠥᠮ ᠪᠣᠯᠣᠨ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠦᠶᠡᠷ ᠢ ᠰᠡᠷᠭᠡᠶᠢᠯᠡᠬᠦ | ᠲᠣᠭᠤᠷᠢᠨ ᠪᠠᠶᠢᠴᠠᠭᠠᠬᠤ ᠰᠡᠷᠭᠡᠶᠢᠯᠡᠨ ᠬᠠᠮᠠᠭᠠᠯᠠᠬᠤ ᠳᠦᠷᠢᠮ ᠢ ᠨᠠᠶᠢᠳᠠᠪᠤᠷᠢᠵᠢᠭᠤᠯᠵᠤ᠂ ᠪᠠᠭᠤᠷᠠᠢ ᠬᠠᠰᠢᠯᠭ᠎ᠠ ᠶᠢᠨ ᠬᠡᠰᠡᠭ | ᠂ ᠠᠶᠤᠯᠲᠠᠢ ᠪᠠᠷᠢᠯᠭ᠎ᠠ ᠶᠢᠨ ᠬᠡᠰᠡᠭ᠂ ᠠᠶᠤᠯᠲᠠᠢ ᠤᠰᠤᠨ ᠴᠥᠭᠦᠷᠥᠮ ᠢ ᠭᠤᠣᠯᠳᠠᠯᠭ᠎ᠠ ᠲᠠᠢ ᠰᠡᠷᠭᠡᠶᠢᠯᠡᠨ ᠬᠠᠮᠠᠭᠠᠯᠠᠬᠤ ᠶᠢ | ᠳᠤᠪᠤᠶᠢᠯᠭᠠᠵᠣ᠂ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠶᠡᠭᠡ ᠮᠥᠷᠡᠨ | ᠶᠡᠭᠡ ᠭᠤᠣᠯ ᠤᠨ ᠬᠠᠰᠢᠯᠭ᠎ᠠ ᠰᠡᠲᠡᠷᠡᠭᠦ᠂ ᠲᠣᠮᠣ ᠭᠡᠯᠪᠡᠷᠢ ᠶᠢᠨ ᠪᠠ ᠭᠤᠣᠯᠳᠠᠯᠭ᠎ᠠ ᠲᠠᠢ ᠳᠤᠮᠳᠠ ᠭᠡᠯᠪᠡᠷᠢ ᠶᠢᠨ ᠤᠰᠤᠨ | ᠴᠥᠭᠦᠷᠥᠮ ᠤᠨ ᠬᠠᠰᠢᠯᠭ᠎ᠠ ᠨᠤᠷᠠᠬᠤ ᠠᠴᠠ ᠡᠷᠡᠰ ᠵᠠᠶᠢᠯᠠᠰᠬᠢᠬᠤ ᠬᠡᠷᠡᠭᠲᠡᠢ᠃ ᠦᠶᠡᠷ ᠢ ᠰᠡᠷᠭᠡᠶᠢᠯᠡᠬᠦ ᠪᠠᠷᠢᠯᠭ᠎ᠠ ᠶᠢ | ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠦᠶᠡᠷ ᠢ ᠲᠣᠭᠲᠠᠭᠠᠬᠤ ᠣᠷᠣᠨ ᠤ ᠬᠡᠷᠡᠭᠯᠡᠬᠦ ᠪᠡᠯᠡᠳᠬᠡᠯ ᠢ | ᠨᠠᠷᠢᠯᠢᠭᠵᠢᠭᠤᠯᠬᠤ ᠬᠡᠷᠡᠭᠲᠡᠢ᠃ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ᠂ ᠪᠠᠷᠠᠭᠤᠨ ᠣᠷᠣᠨ ᠤ ᠰᠢᠲᠠᠮᠠᠬᠠᠢ ᠬᠡᠢ ᠶᠢ | ᠵᠡᠭᠦᠨᠰᠢ ᠳᠠᠮᠵᠢᠭᠤᠯᠬᠤ᠂ ᠵᠠᠰᠠᠮᠠᠯ ᠵᠠᠮ ᠲᠡᠮᠦᠷ ᠵᠠᠮ ᠵᠡᠷᠭᠡ ᠴᠢᠬᠤᠯᠠ ᠰᠠᠭᠤᠷᠢ ᠲᠥᠬᠦᠭᠡᠷᠦᠮᠵᠢ ᠵᠢᠴᠢ ᠬᠤᠲᠠ ᠶᠢᠨ ᠭᠠᠵᠠᠷ | ᠳᠣᠣᠷᠠᠬᠢ ᠣᠷᠣᠨ ᠵᠠᠢ᠂ ᠬᠥᠭᠦᠷᠭᠡ ᠭᠤᠯᠳᠤᠩ ᠨᠦᠭᠡᠨ ᠵᠠᠮ ᠵᠡᠷᠭᠡ ᠭᠤᠣᠯᠳᠠᠯᠭ᠎ᠠ ᠲᠠᠢ ᠭᠠᠵᠠᠷ ᠲᠤ ᠴᠢᠭᠯᠡᠭᠦᠯᠵᠦ᠂ | ᠠᠶᠤᠯ ᠲᠦᠭᠰᠢᠭᠦᠷᠢ ᠭᠡᠮ ᠰᠣᠭᠤᠭ ᠢ ᠤᠯᠠᠮ ᠨᠢᠭᠡ ᠠᠯᠬᠤᠮ ᠵᠢᠭᠰᠠᠭᠠᠨ ᠪᠠᠶᠢᠴᠠᠭᠠᠵᠣ᠂ ᠪᠠᠴᠢᠮ ᠪᠠᠶᠢᠳᠠᠯ ᠢ | ᠠᠷᠭᠠᠴᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠢᠶᠠᠷ ᠠᠶᠠᠯᠠᠬᠤ ᠶᠢ ᠪᠠᠲᠤᠯᠠᠬᠤ ᠬᠡᠷᠡᠭᠲᠡᠢ | ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠠᠶᠤᠯ ᠲᠦᠭᠰᠢᠭᠦᠷᠢ ᠠᠴᠠ ᠠᠪᠤᠷᠠᠨ ᠲᠤᠰᠠᠯᠠᠵᠤ ᠭᠠᠮᠰᠢᠭ ᠠᠴᠠ ᠠᠪᠤᠷᠠᠬᠤ ᠠᠵᠢᠯ ᠢ ᠪᠦᠭᠦ | ᠬᠦᠴᠦᠨ ᠢᠶᠠᠷ ᠢᠶᠠᠨ ᠥᠷᠨᠢᠭᠦᠯᠵᠦ᠂ ᠨᠢᠭᠡᠳᠦᠯᠲᠡᠢ ᠲᠥᠯᠥᠪᠯᠡᠨ ᠪᠠᠶᠢᠷᠢᠯᠠᠭᠤᠯᠬᠤ ᠪᠠ ᠤᠷᠢᠳᠴᠢᠯᠠᠨ ᠪᠠᠶᠢᠷᠢᠯᠠᠭᠤᠯᠬᠤ ᠶᠢ | ᠴᠢᠩᠭᠠᠳᠬᠠᠬᠤ ᠬᠡᠷᠡᠭᠲᠡᠢ᠃ ᠴᠢᠯᠦᠭᠡᠯᠡᠬᠦ ᠴᠡᠷᠢᠭ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ᠂ ᠭᠠᠯ ᠰᠡᠷᠭᠡᠶᠢᠯᠡᠵᠦ | ᠭᠠᠯ ᠤᠨᠲᠠᠷᠠᠭᠠᠬᠤ᠂ ᠲᠥᠪ ᠤᠨ ᠠᠵᠤ ᠠᠬᠤᠶᠢᠯᠠᠯ ᠵᠡᠷᠭᠡ ᠡᠯ᠎ᠡ ᠲᠠᠯ᠎ᠠ ᠶᠢᠨ ᠬᠦᠴᠦᠨ ᠴᠠᠭ ᠢᠮᠠᠭᠲᠠ ᠪᠠᠴᠢᠮ ᠪᠠᠶᠢᠳᠠᠯ ᠢ | ᠠᠷᠭᠠᠴᠠᠬᠤ ᠪᠠᠶᠢᠳᠠᠯ ᠢᠶᠠᠨ ᠪᠠᠲᠤᠯᠠᠵᠤ᠂ ᠨᠢᠭᠡᠳᠦᠯᠲᠡᠢ ᠲᠣᠬᠢᠷᠠᠭᠤᠯᠭ᠎ᠠ ᠶᠢ ᠰᠣᠨᠣᠰᠴᠤ᠂ ᠲᠦᠷᠭᠡᠨ ᠬᠥᠳᠡᠯᠦᠯᠴᠡᠵᠦ᠂ | ᠥᠨᠳᠥᠷ ᠪᠦᠲᠦᠮᠵᠢᠲᠡᠢ ᠪᠠᠷ ᠠᠪᠤᠷᠠᠨ ᠲᠤᠰᠠᠯᠠᠬᠤ ᠶᠢ ᠪᠠᠲᠤᠯᠠᠬᠤ ᠬᠡᠷᠡᠭᠲᠡᠢ᠃ ᠭᠠᠮᠰᠢᠭ ᠠᠴᠠ ᠠᠪᠤᠷᠠᠬᠤ ᠪᠡᠯᠡ ᠮᠥᠩᠭᠦ ᠶᠢ | ᠴᠠᠭ ᠲᠤᠬᠠᠢ ᠳᠤᠨᠢ ᠪᠠᠭᠤᠯᠭᠠᠵᠤ᠂ ᠭᠠᠮᠰᠢᠭ ᠠᠴᠠ ᠠᠪᠤᠷᠠᠬᠤ ᠡᠳ᠋ ᠪᠠᠷᠠᠭ᠎ᠠ ᠶᠢ ᠲᠣᠬᠢᠷᠠᠭᠤᠯᠤᠨ ᠲᠡᠭᠡᠭᠡᠪᠦᠷᠢᠯᠡᠵᠦ᠂ | ᠳᠠᠭᠠᠳᠬᠠᠯ ᠤᠨ ᠲᠥᠯᠥᠪᠦᠷᠢ ᠥᠭᠬᠦ ᠶᠢ ᠲᠦᠷᠭᠡᠳᠬᠡᠨ᠂ ᠭᠠᠮᠰᠢᠭᠳᠠᠭᠰᠠᠨ ᠣᠯᠠᠨ ᠲᠦᠮᠡᠨ ᠢ ᠲᠣᠬᠢᠲᠠᠢ ᠲᠥᠪᠬᠢᠨᠡᠭᠦᠯᠵᠦ᠂ | ᠣᠯᠠᠨ ᠲᠦᠮᠡᠨ ᠤ ᠡᠮᠨᠡᠭᠦᠯᠭᠦ᠂ ᠰᠤᠷᠤᠬᠴᠢᠳ ᠤᠨ ᠰᠤᠷᠭᠠᠭᠤᠯᠢ ᠡᠬᠢᠯᠡᠬᠦ ᠵᠡᠷᠭᠡ ᠬᠡᠷᠡᠭᠴᠡᠭᠡ ᠱᠠᠭᠠᠷᠳᠠᠯᠭ᠎ᠠ ᠶᠢᠨ | ᠪᠠᠲᠤᠯᠠᠭ᠎ᠠ ᠶᠢ ᠰᠠᠶᠢᠳᠤᠷ ᠬᠢᠬᠦ ᠬᠡᠷᠡᠭᠲᠡᠢ᠃ ᠤᠰᠤᠨ ᠠᠰᠢᠭᠯᠠᠯᠲᠠ᠂ ᠴᠠᠭᠢᠯᠭᠠᠨ ᠬᠦᠴᠦᠨ ᠵᠠᠮ ᠬᠠᠷᠢᠯᠴᠠᠭ᠎ᠠ᠂ ᠴᠢᠮᠡᠭᠡ | ᠬᠤᠯᠪᠤᠭ᠎ᠠ ᠵᠡᠷᠭᠡ ᠡᠪᠳᠡᠭᠳᠡᠭᠰᠡᠨ ᠰᠠᠭᠤᠷᠢ ᠲᠥᠬᠦᠭᠡᠷᠦᠮᠵᠢ ᠶᠢ ᠱᠠᠯᠠᠪᠳᠠᠨ ᠰᠡᠯᠪᠢᠨ ᠵᠠᠰᠠᠵᠤ᠂ ᠭᠠᠮᠰᠢᠭᠳᠠᠭᠰᠠᠨ ᠤᠯᠠᠨ | ᠲᠦᠮᠡᠨ ᠢ ᠵᠣᠬᠢᠶᠠᠨ ᠪᠠᠶᠢᠭᠤᠯᠤᠨ ᠳᠠᠭᠠᠭᠤᠯᠵᠤ ᠦᠢᠯᠡᠳᠪᠦᠷᠢᠯᠡᠯ ᠢ ᠰᠡᠷᠭᠦᠭᠡᠵᠦ᠂ ᠭᠡᠷ ᠣᠷᠣᠨ ᠢ ᠲᠠᠭᠢᠨ ᠪᠠᠶᠢᠭᠤᠯᠬᠤ | ᠬᠡᠷᠡᠭᠲᠡᠢ᠃ ᠲᠠᠷᠢᠶᠠᠯᠠᠩ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠯᠠᠪᠳᠠᠭᠤᠨ ᠪᠠᠲᠤᠲᠠᠢ | ᠰᠠᠶᠢᠳᠤᠷ ᠬᠢᠵᠦ᠂ ᠲᠠᠷᠢᠶᠠᠯᠠᠩ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠤᠯᠤᠰ ᠤᠨ ᠠᠮᠤ | ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠭᠠᠮᠰᠢᠭᠳᠠᠭᠰᠠᠨ ᠬᠦᠴᠢᠷᠳᠡᠯᠲᠡᠢ ᠣᠯᠠᠨ ᠲᠦᠮᠡᠨ ᠢ ᠬᠠᠯᠠᠮᠵᠢᠯᠠᠨ | ᠬᠠᠪᠰᠤᠷᠴᠤ᠂ ᠭᠠᠮᠰᠢᠭ ᠠᠴᠠ ᠪᠣᠯᠵᠤ ᠶᠠᠳᠠᠭᠤᠷᠠᠬᠤ ᠪᠠ ᠳᠠᠭᠢᠨ ᠶᠠᠳᠠᠭᠤᠷᠠᠬᠤ ᠶᠢ ᠰᠡᠷᠭᠡᠶᠢᠯᠡᠬᠦ ᠬᠡᠷᠡᠭᠲᠡᠢ᠃ ᠪᠠᠴᠢᠮ | ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠ ᠶᠢᠨ ᠦᠶᠡᠷ ᠢ | ᠰᠡᠷᠭᠡᠶᠢᠯᠡᠵᠦ ᠤᠰᠤᠲᠤᠯ ᠢ ᠵᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠭᠡᠮ ᠰᠣᠭᠤᠭ ᠲᠠᠢ ᠤᠰᠤᠨ ᠴᠥᠭᠦᠷᠥᠮ᠂ ᠳᠤᠮᠳᠠ | ᠪᠠᠭ᠎ᠠ ᠭᠤᠣᠯ ᠮᠥᠷᠡᠨ ᠤ ᠬᠠᠰᠢᠯᠭ᠎ᠠ ᠳᠠᠯᠠᠩ᠂ ᠦᠶᠡᠷ ᠢ ᠲᠣᠭᠲᠠᠭᠠᠬᠤ ᠣᠷᠣᠨ ᠵᠡᠷᠭᠡ ᠦᠶᠡᠷ ᠢ ᠰᠡᠷᠭᠡᠶᠢᠯᠡᠬᠦ | ᠢᠨᠵᠧᠨᠧᠷᠢᠩ ᠪᠣᠯᠣᠨ ᠲᠠᠷᠢᠶᠠᠨ ᠭᠠᠵᠠᠷ ᠤᠨ ᠤᠰᠤᠲᠤᠯ ᠢ ᠵᠠᠯᠠᠬᠤ ᠳᠤᠲᠠᠭᠤᠳᠠᠯ ᠢ ᠨᠥᠬᠦᠪᠦᠷᠢᠯᠡᠵᠦ᠂ ᠪᠠᠶ᠋ᠢᠭᠠᠯᠢ ᠶᠢᠨ | ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢ ᠨᠡᠶᠢᠳᠡᠮ ᠪᠠᠶᠢᠴᠠᠭᠠᠭᠰᠠᠨ ᠦᠷ᠎ᠡ ᠪᠦᠲᠦᠭᠡᠯ ᠢ ᠰᠠᠶᠢᠳᠤᠷ | ᠠᠰᠢᠭᠯᠠᠵᠤ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠰᠠᠭᠤᠷᠢ ᠪᠣᠯᠣᠨ ᠬᠦᠴᠦᠨ ᠢ ᠴᠢᠩᠭᠠᠳᠬᠠᠵᠤ᠂ | ᠪᠦᠭᠦ ᠨᠡᠶᠢᠭᠡᠮ ᠤᠨ ᠭᠠᠮᠰᠢᠭ ᠢ ᠶᠡᠷᠡᠦᠩᠬᠡᠶᠢᠯᠡᠨ ᠪᠠᠭᠠᠰᠬᠠᠬᠤ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠭᠦ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠭᠠᠵᠠᠷ | ᠣᠷᠣᠨ ᠤ ᠪᠠᠨ ᠬᠥᠭᠵᠢᠯᠲᠡ ᠶᠢ ᠠᠬᠢᠭᠤᠯᠬᠤ᠂ ᠭᠠᠵᠠᠷ ᠣᠷᠣᠨ ᠤ ᠪᠠᠨ ᠠᠮᠤᠷ ᠲᠦᠪᠰᠢᠨ ᠢ ᠪᠠᠲᠤᠯᠠᠬᠤ ᠤᠯᠤᠰ | ᠲᠥᠷᠥ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠤᠯᠤᠰ ᠤᠨ ᠦᠶᠡᠷ ᠢ ᠰᠡᠷᠭᠡᠶᠢᠯᠡᠵᠦ ᠭᠠᠩ | ᠬᠠᠭᠰᠠᠷᠠᠭᠠᠨ ᠲᠠᠢ ᠲᠡᠮᠡᠴᠡᠬᠦ ᠶᠡᠷᠦᠩᠬᠡᠢ ᠵᠢᠯᠤᠭᠤᠳᠬᠤ ᠭᠠᠵᠠᠷ ᠤᠨ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ | ᠴᠢᠩᠭᠠᠳᠬᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠬᠤᠰᠢᠭᠤᠴᠢᠯᠠᠨ ᠵᠢᠯᠤᠭᠤᠳᠴᠤ᠂ ᠡᠯ᠎ᠡ ᠬᠤᠯᠪᠣᠭᠳᠠᠯ | ᠪᠦᠬᠦᠢ ᠲᠠᠯ᠎ᠠ ᠶᠢᠨ ᠨᠢᠭᠲᠠ ᠬᠠᠮᠵᠢᠯᠴᠠᠵᠤ᠂ ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠢ᠃ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠳᠠᠶ᠋ᠢᠴᠢᠨ ᠪᠠᠬᠢᠯᠡᠯᠲᠡ | ᠪᠣᠯᠣᠨ ᠬᠤᠰᠢᠭᠤᠴᠢ ᠵᠢᠰᠢᠶᠡᠴᠢ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠦᠶᠡᠷ ᠢ ᠰᠡᠷᠭᠡᠶᠢᠯᠡᠵᠦ ᠦᠶᠡᠷ ᠲᠠᠢ | ᠲᠡᠮᠡᠴᠡᠨ ᠭᠠᠮᠰᠢᠭ ᠠᠴᠠ ᠠᠪᠤᠷᠠᠬᠤ ᠡᠮᠦᠨ᠎ᠡ ᠹᠷᠣᠨᠲ ᠲᠤ ᠡᠷᠡᠯᠬᠡᠭᠯᠡᠨ ᠲᠡᠮᠡᠴᠡᠵᠦ᠂ ᠣᠮᠤᠭ ᠲᠡᠭᠦᠯᠳᠡᠷ ᠢᠶᠠᠷ | ᠬᠠᠷᠢᠭᠤᠴᠠᠯᠭ᠎ᠠ ᠡᠭᠦᠷᠭᠡᠯᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠭᠦ | ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠬᠤᠷᠠᠯ ᠠᠴᠠ ᠪᠠᠰᠠ ᠪᠤᠰᠤᠳ ᠵᠦᠢᠯᠡᠰ ᠢ | ᠰᠤᠳᠤᠯᠵᠠᠢ᠃ | ᠳᠡᠪᠰᠢᠭᠦᠯᠦᠭᠴᠢ᠄ ᠲᠡᠷᠭᠡᠯ | |