ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠬᠤᠷᠠᠯ ᠬᠤᠷᠠᠯᠳᠤᠭᠤᠯᠵᠤ ᠣᠳᠣᠬᠠᠨ ᠤ ᠠᠵᠤ | ᠠᠬᠤᠢ ᠶᠢᠨ ᠪᠠᠶᠢᠳᠠᠯ ᠪᠠ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠵᠤ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ | ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠣᠭᠲᠠᠭᠠᠯ ᠤᠳ︾ ᠢ ᠬᠢᠨᠠᠨ ᠵᠥᠪᠯᠡᠪᠡ ᠨᠠᠮ ᠤᠨ ᠲᠥᠪ | ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠠᠢ | | | ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 30 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶᠠᠨ ᠤ | ᠤᠯᠤᠰ ᠲᠥᠷᠥ ᠶᠢᠨ ᠲᠣᠪᠴᠢᠶ᠎ᠠ 7 ᠰᠠᠷ᠎ᠠ ᠶᠢᠨ 30 ᠤ ᠡᠳᠦᠷ ᠬᠤᠷᠠᠯ ᠬᠤᠷᠠᠯᠳᠤᠭᠤᠯᠵᠤ᠂ ᠣᠳᠣᠬᠠᠨ ᠤ ᠠᠵᠤ | ᠠᠬᠤᠢ ᠵᠢᠨᠪᠠᠶᠢᠳᠠᠯ ᠢ ᠵᠠᠳᠠᠯᠤᠨ ᠰᠤᠳᠤᠯᠵᠤ᠂ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠢ ᠪᠠᠶᠢᠷᠢᠯᠠᠭᠤᠯᠵᠤ ︽ | ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠣᠭᠲᠠᠭᠠᠯ ᠤᠳ︾ ᠢ | ᠬᠢᠨᠠᠨ ᠵᠥᠪᠯᠡᠪᠡ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ᠃ | ᠬᠤᠷᠠᠯ ᠠᠴᠠ᠂ ᠵᠢᠯ ᠤᠨ ᠡᠬᠢᠨ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠦᠴᠢᠷ ᠢ | ᠰᠥᠷᠦᠨ ᠤᠷᠤᠭᠰᠢᠯᠠᠵᠤ᠂ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠵᠤ᠂ ᠥᠭᠡᠷᠡᠴᠢᠯᠡᠯᠲᠡ ᠨᠡᠭᠡᠭᠡᠯᠲᠡ ᠶᠢ | ᠭᠦᠨᠵᠡᠭᠡᠶᠢᠷᠡᠭᠦᠯᠵᠦ᠂ ᠬᠤᠷᠸ᠎ᠠ ᠡᠵᠡᠮᠰᠢᠯ ᠲᠣᠬᠢᠷᠠᠭᠤᠯᠭ᠎ᠠ ᠶᠢ ᠴᠢᠩᠭᠠᠳᠬᠠᠵᠤ᠂ ᠠᠶᠤᠯ ᠲᠦᠭᠰᠢᠭᠦᠷᠢ ᠥᠷᠢᠰᠦᠯᠳᠦᠭᠡᠨ ᠢ | ᠪᠦᠲᠦᠮᠵᠢᠲᠡᠢ ᠠᠷᠭᠠᠴᠠᠭᠠᠵᠤ᠂ ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠲᠣᠭᠲᠠᠭᠤᠨ | ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ᠂ ᠦᠷᠭᠦᠯᠵᠢᠯᠡᠨ ᠰᠠᠶᠢᠵᠢᠷᠠᠬᠤ ᠬᠠᠨᠳᠤᠰᠢ ᠪᠠᠨ ᠪᠠᠲᠤᠯᠠᠵᠤ᠂ ᠰᠢᠨ᠎ᠡ | ᠬᠥᠳᠡᠯᠭᠡᠭᠴᠢ ᠡᠨᠧᠷᠭᠢ ᠰᠢᠨ᠎ᠡ ᠳᠠᠪᠠᠭᠤᠯᠢᠭ ᠢ ᠲᠦᠷᠭᠡᠨ ᠪᠤᠶᠢᠵᠢᠭᠤᠯᠵᠤ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ | ᠪᠠᠲᠤᠲᠠᠢ ᠠᠬᠢᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠠᠢ ᠭᠡᠵᠦ ᠦᠵᠡᠪᠡ᠃ | ᠬᠤᠷᠠᠯ ᠠᠴᠠ᠂ ᠣᠳᠣᠬᠠᠨ ᠳᠤ ᠭᠠᠳᠠᠭᠠᠳᠤ ᠣᠷᠴᠢᠨ ᠨᠥᠬᠦᠴᠡᠯ ᠤᠨ ᠬᠤᠪᠢᠷᠠᠯᠲᠠ ᠠᠴᠠ ᠪᠣᠯᠤᠭᠰᠠᠨ ᠠᠰᠢᠭ | ᠦᠭᠡᠢ ᠨᠥᠯᠥᠭᠡ ᠨᠡᠮᠡᠭᠳᠡᠵᠦ᠂ ᠤᠯᠤᠰ ᠤᠨ ᠳᠣᠲᠣᠭᠠᠳᠤ ᠶᠢᠨ ᠪᠦᠲᠦᠮᠵᠢᠲᠡᠢ ᠬᠡᠷᠡᠭᠴᠡᠭᠡ ᠬᠦᠷᠦᠯᠴᠡᠬᠦ ᠦᠭᠡᠢ᠂ ᠠᠵᠤ | ᠠᠬᠤᠢ ᠶᠢᠨ ᠡᠷᠭᠢᠯᠲᠡ ᠳᠤ ᠵᠠᠳᠠᠷᠠᠯ ᠭᠠᠷᠴᠤ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠭᠡᠮ ᠰᠣᠭᠤᠭ ᠮᠥᠨ | ᠬᠦ ᠨᠡᠯᠢᠶᠡᠳ ᠤᠯᠠᠨ ᠪᠠᠶᠢᠵᠤ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠳᠤ ᠡᠪᠡᠷᠰᠢᠶᠡᠯ ᠣᠷᠣᠰᠢᠵᠤ | ᠪᠠᠶᠢᠨ᠎ᠠ᠃ ᠡᠳᠡᠭᠡᠷ ᠪᠣᠯ ᠬᠥᠭᠵᠢᠯᠲᠡ ᠶᠢᠨ ᠳᠤᠮᠳᠠᠬᠢ᠂ ᠭᠡᠯᠪᠡᠷᠢ ᠶᠢ ᠬᠤᠪᠢᠷᠠᠭᠤᠯᠬᠤ ᠳᠤᠮᠳᠠᠬᠢ ᠠᠰᠠᠭᠤᠳᠠᠯ ᠪᠣᠯᠣᠨ᠎ᠠ᠂ | ᠪᠢᠳᠡ ᠲᠦᠭᠰᠢᠭᠦᠷᠢ ᠶᠢᠨ ᠤᠬᠠᠮᠰᠠᠷ ᠪᠣᠯᠣᠨ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠢᠳᠡᠪᠬᠢᠲᠡᠢ | ᠰᠠᠨᠠᠭᠠᠴᠢᠯᠠᠭ᠎ᠠ ᠠᠴᠠ ᠪᠠᠨ ᠠᠷᠭᠠᠴᠠᠭᠠᠬᠤ ᠪᠥᠭᠡᠳ ᠪᠠᠰᠠ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ | ᠪᠠᠲᠤᠯᠠᠵᠤ᠂ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ᠳᠤᠮᠳᠠᠳᠤ ᠤᠯᠤᠰ ᠤᠨ ᠠᠵᠤ ᠠᠬᠤᠢ ᠶᠢᠨ | ᠰᠠᠶᠢᠵᠢᠷᠠᠯᠲᠠ ᠶᠢᠨ ᠤᠨᠤᠯ ᠢ ᠳᠠᠭᠤᠷᠢᠰᠤᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠳᠣᠣᠷ᠎ᠠ ᠬᠠᠭᠠᠰ ᠵᠢᠯ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠮᠠᠰᠢ ᠬᠦᠨᠳᠦ᠂ | ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ | ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠤᠶᠢᠯᠭᠠᠭᠳᠠᠬᠤᠨ ᠢ ᠪᠦᠷᠢᠨ ᠪᠦᠲᠦᠨ᠂ | ᠵᠥᠪ ᠤᠨᠤᠪᠴᠢᠳᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠢᠶᠠᠷ | ᠪᠠᠶᠢᠭᠤᠯᠵᠣ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠲᠠᠢ ᠤᠶᠠᠯᠳᠤᠭᠤᠯᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠵᠦ᠂ ᠬᠤᠷᠸ᠎ᠠ ᠡᠵᠡᠮᠰᠢᠯ ᠲᠣᠬᠢᠷᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠰᠢᠨ᠎ᠡ ᠶᠢ ᠡᠭᠦᠳᠬᠦ ᠪᠠᠷ | ᠬᠥᠭᠵᠢᠯᠲᠡ ᠶᠢᠨ ᠬᠥᠳᠡᠯᠭᠡᠭᠦᠷ ᠪᠤᠯᠭᠠᠬᠤ ᠶᠢ ᠭᠦᠨᠵᠡᠭᠡᠶᠢᠷᠡᠭᠦᠯᠵᠦ᠂ ᠳᠣᠲᠣᠭᠠᠳᠤ ᠬᠡᠷᠡᠭᠴᠡᠭᠡ ᠶᠢᠨ ᠲᠠᠯᠳᠠ ᠬᠦᠴᠦᠨ ᠢ | ᠭᠦᠨᠵᠡᠭᠡᠢ ᠠᠭᠤᠳᠠᠯᠵᠤ᠂ ᠰᠢᠨ᠎ᠡ ᠬᠥᠳᠡᠯᠭᠡᠭᠴᠢ ᠡᠨᠧᠷᠭᠢ ᠰᠢᠨ᠎ᠡ ᠳᠠᠪᠠᠭᠤᠯᠢᠭ ᠢ ᠲᠠᠰᠤᠷᠠᠯᠲᠠ ᠦᠭᠡᠢ ᠴᠢᠩᠭᠠᠳᠬᠠᠵᠤ᠂ | ᠡᠵᠡᠩᠨᠡᠯᠲᠡ ᠶᠢᠨ ᠭᠤᠣᠯ ᠴᠣᠭᠴᠠ ᠶᠢᠨ ᠠᠮᠢᠳᠤᠯᠢᠭ ᠬᠦᠴᠦᠨ ᠢ ᠨᠡᠮᠡᠭᠳᠡᠭᠦᠯᠵᠦ᠂ ᠵᠠᠬ᠎ᠠ ᠳᠡᠯᠭᠡᠭᠦᠷ ᠤᠨ ᠵᠢᠰᠢᠯᠲᠡ ᠶᠢ | ᠲᠣᠭᠲᠠᠪᠤᠷᠢᠵᠢᠭᠤᠯᠬᠤ᠂ ᠨᠡᠶᠢᠭᠡᠮ ᠤᠨ ᠢᠲᠡᠭᠡᠯ ᠢ ᠨᠡᠮᠡᠭᠳᠡᠭᠦᠯᠵᠦ᠂ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠵᠦ | ᠰᠠᠶᠢᠵᠢᠷᠠᠬᠤ ᠬᠠᠨᠳᠤᠰᠢ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ | ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠬᠠᠷᠠᠯᠲᠠ ᠡᠭᠦᠷᠭᠡ ᠶᠢ ᠡᠷᠡᠰ ᠭᠤᠶᠢᠪᠢᠰᠢ ᠦᠭᠡᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠥᠭᠡᠷᠡᠴᠢᠯᠡᠯᠲᠡ ᠪᠠᠷ ᠬᠥᠳᠡᠯᠭᠡᠭᠴᠢ ᠬᠦᠴᠦᠨ ᠪᠤᠯᠭᠠᠵᠤ ᠨᠡᠮᠡᠭᠳᠡᠯ ᠢ ᠲᠣᠭᠲᠠᠪᠤᠷᠢᠵᠢᠭᠤᠯᠬᠤ᠂ | ᠪᠦᠲᠦᠴᠡ ᠶᠢ ᠲᠣᠬᠢᠷᠠᠭᠤᠯᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠠᠬᠢᠭᠤᠯᠵᠤ᠂ ᠠᠵᠤ ᠠᠬᠤᠢ ᠶᠢᠨ | ᠪᠠᠶᠢᠭᠤᠯᠤᠯ ᠤᠨ ᠥᠭᠡᠷᠡᠴᠢᠯᠡᠯᠲᠡ ᠶᠢᠨ ᠬᠥᠲᠥᠯᠥᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠥᠬᠦᠴᠡᠯ | ᠪᠣᠯᠪᠠᠰᠤᠷᠠᠩᠭᠤᠢ᠂ ᠪᠣᠳᠠᠲᠠᠢ ᠨᠠᠶᠢᠳᠠᠪᠤᠷᠢᠵᠢᠭᠤᠯᠤᠭᠳᠠᠵᠣ᠂ ᠳᠡᠶᠢᠯᠬᠦᠶᠢᠴᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ | ᠴᠠᠭ ᠲᠤᠬᠠᠢ ᠳᠤᠨᠢ ᠭᠠᠷᠭᠠᠬᠤ ᠬᠡᠷᠡᠭᠲᠡᠢ᠃ ︽ᠬᠤᠶᠠᠷ ᠥᠴᠥᠬᠡᠨ ᠴᠣ᠋ ᠭᠤᠶᠢᠪᠢᠰᠢ ᠦᠭᠡᠢ︾ ᠶᠢ ᠪᠠᠷᠢᠮᠲᠠᠯᠠᠨ | ᠨᠠᠶᠢᠳᠠᠪᠤᠷᠢᠵᠢᠭᠤᠯᠵᠤ ᠡᠯ᠎ᠡ ᠵᠦᠢᠯ ᠤᠨ ᠥᠮᠴᠢᠯᠡᠯ ᠤᠨ ᠠᠵᠤ ᠠᠬᠤᠢ ᠶᠢᠨ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ | ᠨᠥᠬᠦᠪᠦᠷᠢᠯᠡᠬᠦ᠂ ᠬᠠᠮᠲᠤ ᠪᠠᠷ ᠬᠥᠭᠵᠢᠬᠦ ᠶᠢ ᠠᠬᠢᠭᠤᠯᠵᠤ᠂ ᠥᠮᠴᠢᠯᠡᠯ ᠤᠨ ᠡᠷᠬᠡ ᠶᠢᠨ ᠬᠠᠮᠠᠭᠠᠯᠠᠯᠲᠠ᠂ ᠵᠠᠬ᠎ᠠ ᠳᠡᠯᠭᠡᠭᠦᠷ ᠲᠤ | ᠣᠷᠣᠬᠤ ᠵᠥᠪᠰᠢᠶᠡᠷᠡᠯ᠂ ᠳᠠᠮᠫᠤᠷᠠᠵᠤ ᠤᠬᠤᠷᠢᠨ ᠭᠠᠷᠬᠤ ᠵᠡᠷᠭᠡ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠠᠭᠤᠷᠢ | ᠳᠦᠷᠢᠮ ᠢ ᠲᠡᠭᠦᠯᠳᠡᠷᠵᠢᠭᠦᠯᠵᠦ᠂ ᠵᠠᠷᠢᠮ ᠭᠠᠵᠠᠷ ᠣᠷᠣᠨ ᠤ ᠵᠠᠰᠠᠭ ᠵᠠᠬᠢᠷᠭᠠᠨ᠂ ᠡᠷᠡᠭᠦᠦ ᠶᠢᠨ ᠬᠡᠷᠡᠭ ᠤᠨ ᠠᠷᠭ᠎ᠠ ᠪᠠᠷᠢᠯ ᠢ | ᠠᠰᠢᠭᠯᠠᠨ ᠠᠵᠤ ᠠᠬᠤᠢ ᠶᠢᠨ ᠵᠠᠭᠤᠷᠠᠯᠳᠤᠭᠠᠨ ᠳᠤ ᠭᠠᠷ ᠲᠦᠷᠦᠭᠦ ᠶᠢ ᠰᠡᠷᠭᠡᠶᠢᠯᠡᠨ ᠵᠠᠯᠠᠷᠠᠭᠤᠯᠬᠤ ᠬᠡᠷᠡᠭᠲᠡᠢ᠃ ᠠᠵᠤ | ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠ ᠡᠷᠬᠡ ᠲᠡᠭᠰᠢ ᠪᠠᠷ | ᠥᠷᠢᠰᠦᠯᠳᠦᠬᠦ ᠳᠤᠮᠳᠠ ᠨᠡᠩ ᠤᠯᠠᠨ ᠳᠡᠯᠡᠬᠡᠢ ᠶᠢᠨ ᠲᠡᠷᠢᠭᠦᠨ ᠵᠡᠷᠭᠡ ᠶᠢᠨ ᠠᠵᠤ ᠠᠬᠤᠶᠢᠯᠠᠯ ᠢ ᠲᠦᠷᠭᠡᠨ ᠢᠶᠠᠷ | ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠬᠤᠷᠸ᠎ᠠ ᠲᠦᠷᠦ ᠶᠢᠨ ᠪᠣᠳᠣᠯᠭ᠎ᠠ ᠶᠢᠨ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠨᠡᠩ ᠢᠯᠡᠭᠦᠦ | ᠬᠦᠴᠦ ᠨᠡᠮᠡᠷᠢᠯᠡᠬᠦ ᠬᠡᠷᠡᠭᠲᠡᠢ᠃ ᠰᠥᠷᠬᠦ ᠦᠶᠡᠯᠡᠯ ᠤᠨ ᠬᠤᠭᠤᠴᠠᠭᠠᠨ ᠤ ᠲᠣᠬᠢᠷᠠᠭᠤᠯᠤᠯᠲᠠ ᠶᠢ ᠴᠢᠩᠭᠠᠳᠬᠠᠨ᠂ ᠡᠳ᠋ ᠤᠨ | ᠵᠠᠰᠠᠭ ᠤᠨ ᠢᠳᠡᠪᠬᠢᠲᠡᠢ ᠲᠥᠷᠥ ᠶᠢᠨ ᠪᠣᠳᠣᠯᠭ᠎ᠠ ᠪᠠ ᠵᠣᠭᠤᠰᠤᠨ ᠤ ᠲᠣᠭᠲᠠᠭᠤᠨ ᠲᠥᠷᠥ ᠶᠢᠨ ᠪᠣᠳᠣᠯᠭ᠎ᠠ ᠶᠢ ᠰᠠᠶᠢᠳᠤᠷ | ᠬᠡᠷᠡᠭᠵᠢᠭᠦᠯᠵᠦ᠂ ᠨᠢᠭᠡᠨᠲᠡ ᠲᠣᠭᠲᠠᠭᠠᠭᠰᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠲᠦᠷᠭᠡᠨ | ᠨᠠᠶᠢᠳᠠᠪᠤᠷᠢᠵᠢᠭᠤᠯᠵᠤ ᠡᠷᠲᠡᠬᠡᠨ ᠨᠥᠭᠡᠴᠡᠯᠡᠬᠦ ᠶᠢᠨ ᠬᠠᠮᠲᠤ ᠬᠡᠮᠵᠢᠶ᠎ᠡ ᠶᠢ ᠨᠡᠮᠡᠭᠳᠡᠭᠦᠯᠬᠦ ᠨᠢᠭᠡ ᠪᠦᠯᠦᠭ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠴᠠᠭ ᠲᠤᠨᠢ ᠲᠣᠬᠢᠷᠠᠭᠤᠯᠤᠨ ᠨᠡᠶᠢᠳᠡᠯᠡᠬᠦ ᠬᠡᠷᠡᠭᠲᠡᠢ᠃ ᠲᠤᠰᠬᠠᠢ ᠵᠢᠭᠡᠯᠡᠯᠭᠡ ᠶᠢ | ᠲᠠᠷᠬᠠᠭᠠᠵᠤ ᠬᠡᠷᠡᠭᠯᠡᠬᠦ ᠠᠬᠢᠴᠠ ᠶᠢ ᠲᠦᠷᠭᠡᠳᠬᠡᠵᠦ᠂ ᠣᠷᠳᠣ ᠬᠤᠭᠤᠴᠠᠭᠠᠨ ᠤ ᠤᠯᠤᠰ ᠤᠨ ᠣᠨᠴᠠ ᠵᠢᠭᠡᠯᠡᠯᠭᠡ ᠶᠢ | ᠰᠠᠶᠢᠳᠤᠷ ᠬᠡᠷᠡᠭᠯᠡᠵᠦ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠ ᠭᠤᠣᠯᠳᠠᠯᠭ᠎ᠠ ᠲᠠᠢ ᠬᠦᠷᠢᠶᠡᠨ ᠤ ᠠᠮᠤᠷ | ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ ᠶᠢ ᠳᠡᠮᠵᠢᠵᠦ᠂ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ | ᠶᠡᠭᠡ ᠬᠡᠮᠵᠢᠶᠡᠨ ᠤ ᠪᠥᠬᠡᠯᠢᠭ ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠨᠠᠩ ᠡᠷᠴᠢᠮ ᠲᠠᠢ | ᠠᠬᠢᠭᠤᠯᠬᠤ ᠬᠡᠷᠡᠭᠲᠡᠢ᠃ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ︽ᠭᠤᠷᠪᠠ ᠶᠢ | ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠤᠯᠠᠨ | ᠵᠦᠢᠯ ᠤᠨ ᠪᠠᠭᠠᠵᠢ ᠶᠢ ᠶᠡᠷᠦᠩᠬᠡᠶᠢᠯᠡᠨ ᠬᠡᠷᠡᠭᠯᠡᠵᠦ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠶᠢ | ᠳᠡᠮᠵᠢᠬᠦ ᠡᠷᠴᠢᠮ ᠢ ᠴᠢᠩᠭᠠᠷᠠᠭᠤᠯᠤᠨ᠂ ᠨᠡᠶᠢᠭᠡᠮ ᠤᠨ ᠶᠡᠷᠦᠩᠬᠡᠶᠢᠯᠡᠭᠰᠡᠨ ᠪᠡᠯᠡ ᠲᠣᠬᠢᠷᠠᠭᠤᠯᠭ᠎ᠠ ᠶᠢᠨ ᠥᠪᠡᠷ ᠤᠨ | ᠦᠷᠳᠡᠭ ᠤᠨ ᠲᠣᠭᠲᠠᠭᠤᠨ ᠪᠠᠶᠢᠬᠤ ᠶᠢᠨ ᠵᠡᠷᠭᠡ ᠳᠤ ᠪᠠᠭᠤᠷᠠᠬᠤ ᠶᠢ ᠠᠬᠢᠭᠤᠯᠬᠤ ᠬᠡᠷᠡᠭᠲᠡᠢ᠃ ᠠᠷᠠᠳ ᠤᠨ ᠵᠣᠭᠤᠰᠤᠨ ᠤ | ᠭᠤᠪᠢᠭᠤᠯᠭ᠎ᠠ ᠶᠢᠨ ᠨᠤᠷᠮ᠎ᠠ ᠶᠢᠨ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ ᠳᠤ ᠦᠨᠳᠦᠰᠦᠨ ᠳᠡᠭᠡᠨ | ᠲᠣᠭᠲᠠᠪᠤᠷᠢᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠬᠤᠷᠸ᠎ᠠ ᠲᠦᠷᠦ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ | ᠴᠢᠨᠠᠷ ᠢ ᠦᠨᠡᠨ ᠬᠦ ᠴᠢᠩᠭᠠᠳᠬᠠᠵᠤ᠂ ᠡᠯ᠎ᠡ ᠲᠠᠯ᠎ᠠ ᠶᠢᠨ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠠᠬᠢᠭᠤᠯᠬᠤ | ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠠᠵᠤ ᠠᠬᠤᠢ ᠶᠢᠨ ᠲᠣᠮᠣ ᠮᠤᠵᠢ ᠶᠢᠨ ᠨᠢᠷᠤᠭᠤ | ᠲᠤᠯᠭᠠᠭᠤᠷᠢ ᠶᠢᠨ ᠦᠢᠯᠡᠳᠦᠯ ᠢ ᠦᠷᠭᠦᠯᠵᠢᠯᠡᠨ ᠰᠠᠶᠢᠳᠤᠷ ᠪᠠᠳᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠬᠡᠷᠡᠭᠯᠡᠭᠡ ᠶᠢ ᠬᠥᠭᠵᠢᠭᠡᠬᠦ ᠪᠠᠷ ᠭᠤᠣᠯᠳᠠᠯᠭ᠎ᠠ ᠪᠣᠯᠭᠠᠨ ᠤᠯᠤᠰ ᠤᠨ ᠳᠣᠲᠣᠭᠠᠳᠤ ᠶᠢᠨ | ᠬᠡᠷᠡᠭᠴᠡᠭᠡ ᠶᠢ ᠥᠷᠭᠡᠳᠬᠡᠵᠦ᠂ ᠠᠵᠤ ᠠᠬᠤᠢ ᠶᠢᠨ ᠲᠦᠷᠦ ᠶᠢᠨ ᠪᠣᠳᠣᠯᠭ᠎ᠠ ᠶᠢᠨ ᠬᠦᠴᠦᠯᠡᠬᠦ ᠴᠡᠭ ᠢ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ᠂ ᠬᠡᠷᠡᠭᠯᠡᠭᠡ ᠶᠢ ᠠᠬᠢᠭᠤᠯᠬᠤ ᠲᠡᠶᠢᠰᠢ ᠨᠡᠩ ᠢᠯᠡᠭᠦᠦ ᠬᠠᠨᠳᠤᠭᠤᠯᠵᠤ᠂ ᠤᠯᠠᠨ ᠠᠷᠭ᠎ᠠ | ᠵᠠᠮ ᠢᠶᠠᠷ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠵᠦ᠂ ᠳᠤᠮᠳᠠ ᠳᠣᠣᠷ᠎ᠠ ᠣᠷᠣᠯᠭ᠎ᠠ ᠲᠠᠢ ᠬᠥᠮᠥᠰ ᠤᠨ | ᠬᠡᠷᠡᠭᠯᠡᠭᠡᠨ ᠤ ᠴᠢᠳᠠᠪᠤᠷᠢ ᠪᠣᠯᠣᠨ ᠬᠦᠰᠡᠯ ᠢ ᠨᠡᠮᠡᠭᠳᠡᠭᠦᠯᠵᠦ᠂ ᠦᠢᠯᠡᠴᠢᠯᠡᠭᠡᠨ ᠤ ᠬᠡᠷᠡᠭᠯᠡᠭᠡ ᠶᠢ ᠥᠷᠭᠡᠳᠬᠡᠨ ᠲᠡᠰ | ᠳᠡᠪᠰᠢᠭᠦᠯᠬᠦ ᠴᠢᠬᠤᠯᠠ ᠭᠠᠷᠳᠠᠴᠠ ᠪᠤᠯᠭᠠᠵᠤ᠂ ᠰᠣᠶᠣᠯ ᠵᠢᠭᠤᠯᠴᠢᠯᠠᠯ᠂ ᠨᠠᠰᠤᠵᠢᠯ ᠤᠨ ᠠᠰᠠᠷᠠᠮᠵᠢ᠂ ᠨᠢᠯᠬ᠎ᠠ ᠬᠡᠦᠬᠡᠳ ᠢ | ᠬᠥᠮᠥᠵᠢᠭᠦᠯᠬᠦ᠂ ᠭᠡᠷ ᠠᠬᠤᠢ ᠵᠡᠷᠭᠡ ᠬᠡᠷᠡᠭᠯᠡᠭᠡ ᠶᠢ ᠳᠡᠮᠵᠢᠬᠦ ᠬᠡᠷᠡᠭᠲᠡᠢ᠃ ᠠᠷᠠᠳ ᠤᠨ ᠪᠡᠯᠡ ᠣᠷᠣᠭᠤᠯᠤᠯᠲᠠ ᠶᠢᠨ | ᠢᠳᠡᠪᠬᠢᠵᠢᠯ ᠢ ᠤᠯᠠᠮ ᠳᠠᠶᠢᠴᠢᠯᠠᠵᠤ᠂ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ᠂ ᠰᠢᠨ᠎ᠡ ᠪᠠᠷ ᠬᠥᠭᠵᠢᠭᠰᠡᠨ ᠠᠵᠤ ᠦᠢᠯᠡᠰ ᠪᠣᠯᠣᠨ ᠢᠷᠡᠭᠡᠳᠦᠢ ᠶᠢᠨ ᠠᠵᠤ ᠦᠢᠯᠡᠰ ᠢ | ᠪᠤᠶᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠢ᠃ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ ᠶᠡᠭᠡ ᠪᠠᠷ ᠠᠬᠢᠭᠤᠯᠵᠤ᠂ ᠵᠠᠩᠭᠢᠯᠠᠭ᠎ᠠ ᠶᠢᠨ ᠭᠤᠣᠯᠯᠠᠬᠤ | ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠪᠠᠨ | ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠬᠤ ᠬᠡᠷᠡᠭᠲᠡᠢ᠃ ᠲᠦᠷᠭᠡᠨ ᠬᠥᠭᠵᠢᠵᠦ ᠪᠠᠶᠢᠭ᠎ᠠ ᠠᠵᠤ ᠠᠬᠤᠶᠢᠯᠠᠯ᠂ | ᠵᠠᠬ᠎ᠠ ᠳᠤ ᠭᠠᠷᠤᠭ᠎ᠠ ᠦᠭᠡᠢ ᠦᠢᠯᠡᠰ ᠪᠣᠰᠬᠠᠭᠴᠢ ᠠᠵᠤ ᠠᠬᠤᠶ᠋ᠢᠯᠠᠯ ᠢ ᠬᠦᠴᠦᠲᠡᠢ ᠪᠥᠭᠡᠳ ᠪᠦᠲᠦᠮᠵᠢᠲᠡᠶ ᠳᠡᠮᠵᠢᠨ | ᠬᠥᠭᠵᠢᠭᠦᠯᠬᠦ ᠬᠡᠷᠡᠭᠲᠡᠢ᠃ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠵᠤ᠂ ︽ᠬᠤᠮᠢᠷᠠᠭ᠎ᠠ︾ ᠮᠠᠭᠤ | ᠣᠷᠴᠢᠯᠲᠤ ᠥᠷᠢᠰᠦᠯᠳᠦᠭᠡᠨ ᠢ ᠰᠡᠷᠭᠡᠶᠢᠯᠡᠬᠦ ᠬᠡᠷᠡᠭᠲᠡᠢ᠃ ᠵᠠᠬ᠎ᠠ ᠳᠡᠯᠭᠡᠭᠦᠷ ᠤᠨ ᠰᠢᠯᠢᠳᠡᠭ ᠦᠯᠡᠳᠡᠵᠦ ᠰᠢᠭᠠᠷᠤ | ᠰᠢᠭᠰᠢᠭᠳᠡᠬᠦ ᠲᠣᠭᠲᠠᠴᠠ ᠶᠢ ᠴᠢᠩᠭᠠᠳᠬᠠᠵᠤ᠂ ᠬᠤᠴᠤᠷᠤᠩᠭᠤᠢ ᠳᠣᠣᠷ᠎ᠠ ᠪᠦᠲᠦᠮᠵᠢᠲᠡᠢ ᠦᠢᠯᠡᠳᠪᠦᠷᠢᠯᠡᠯ ᠤᠨ | ᠴᠢᠳᠠᠪᠤᠷᠢ ᠶᠢᠨ ᠤᠬᠤᠷᠢᠨ ᠭᠠᠷᠬᠤ ᠠᠷᠭ᠎ᠠ ᠵᠠᠮ ᠢ ᠰᠢᠯᠤᠭᠤᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠵᠤ᠂ ᠵᠠᠬ᠎ᠠ ᠳᠡᠯᠭᠡᠭᠦᠷᠴᠢᠯᠡᠭᠰᠡᠨ᠂ | ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠤᠯᠠᠮ ᠨᠢᠭᠡ | ᠠᠯᠬᠤᠮ ᠪᠤᠢ ᠪᠤᠯᠭᠠᠵᠤ᠂ ᠪᠠᠶᠢᠭᠤᠯᠤᠯ ᠤᠨ ᠮᠠᠶ᠋ᠢᠭ ᠤᠨ ᠨᠡᠭᠡᠭᠡᠯᠲᠡ ᠶᠢ ᠯᠠᠪᠳᠠᠭᠤᠨ ᠥᠷᠭᠡᠳᠬᠡᠵᠦ᠂ ᠦᠢᠯᠡᠳᠬᠦ | ᠦᠢᠯᠡᠰ ᠤᠨ ᠬᠦᠷᠢᠶᠡᠨ ᠳᠠᠬᠢ ᠭᠠᠳᠠᠭᠠᠳᠤ ᠪᠡᠯᠡ ᠶᠢ ᠣᠷᠣᠭᠤᠯᠬᠤ ᠶᠢ ᠵᠥᠪᠰᠢᠶᠡᠷᠡᠬᠦ ᠬᠢᠵᠠᠭᠠᠷᠯᠠᠯ ᠤᠨ ᠠᠷᠭ᠎ᠠ | ᠬᠡᠮᠵᠢᠶ᠎ᠡ ᠶᠢᠨ ︽ᠲᠡᠭ ᠪᠤᠯᠭᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠢᠨ᠎ᠡ ᠨᠢᠭᠡ ᠡᠭᠡᠯᠵᠢ ᠶᠢᠨ | ᠦᠢᠯᠡᠴᠢᠯᠡᠭᠡᠨ ᠤ ᠦᠢᠯᠡᠰ ᠤᠨ ᠨᠡᠭᠡᠭᠡᠯᠲᠡ ᠶᠢ ᠥᠷᠭᠡᠳᠬᠡᠬᠦ ᠲᠤᠷᠰᠢᠯᠲᠠ ᠶᠢᠨ ᠴᠡᠭ ᠤᠨ ᠠᠷᠭ᠎ᠠ ᠬᠡᠮᠵᠢᠶ᠎ᠡ ᠶᠢ ᠲᠣᠭᠲᠠᠭᠠᠵᠤ | ᠂ ᠭᠠᠳᠠᠭᠠᠳᠤ ᠪᠡᠯᠡ ᠶᠢ ᠠᠰᠢᠭᠯᠠᠬᠤ ᠠᠵᠤ ᠠᠬᠤᠶᠢᠯᠠᠯ ᠤᠨ ᠲᠣᠭᠲᠠᠭᠤᠨ ᠳᠡᠭᠡᠭᠰᠢᠯᠡᠬᠦ ᠶᠢ ᠠᠬᠢᠭᠤᠯᠬᠤ ᠬᠡᠷᠡᠭᠲᠡᠢ᠃ | ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠢᠳᠡᠪᠬᠢᠲᠡᠢ ᠪᠤᠶᠢᠵᠢᠭᠤᠯᠵᠤ᠂ | ᠵᠠᠪᠰᠠᠷ ᠤᠨ ᠪᠦᠲᠦᠭᠡᠭᠳᠡᠬᠦᠨ ᠤ ᠠᠷᠠᠯᠵᠢᠶ᠎ᠠ᠂ ᠪᠣᠬᠢᠷᠳᠤᠯ ᠦᠭᠡᠢ ᠠᠷᠠᠯᠵᠢᠶ᠎ᠠ ᠶᠢ ᠥᠷᠭᠡᠳᠬᠡᠬᠦ ᠬᠡᠷᠡᠭᠲᠡᠢ᠃ ︽ᠨᠢᠭᠡ | ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠦᠷᠭᠦᠯᠵᠢᠯᠡᠨ ᠰᠡᠷᠭᠡᠶᠢᠯᠡᠨ ᠠᠷᠢᠯᠭᠠᠬᠤ | ᠬᠡᠷᠡᠭᠲᠡᠢ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ | ᠡᠷᠡᠭᠦᠯ ᠢᠶᠠᠷ ᠬᠥᠭᠵᠢᠬᠦ ᠶᠢ ᠠᠬᠢᠭᠤᠯᠬᠤ ᠰᠢᠨ᠎ᠡ ᠲᠥᠷᠥ ᠶᠢᠨ ᠪᠣᠳᠣᠯᠭ᠎ᠠ ᠶᠢ ᠰᠠᠶᠢᠳᠤᠷ ᠨᠠᠶᠢᠳᠠᠪᠤᠷᠢᠵᠢᠭᠤᠯᠵᠤ᠂ | ᠬᠠᠳᠠᠭᠠᠯᠠᠭᠳᠠᠴᠠ ᠶᠢ ᠰᠢᠩᠭᠡᠭᠡᠬᠦ ᠪᠠ ᠨᠡᠮᠡᠭᠳᠡᠯ ᠢ ᠰᠢᠯᠢᠳᠡᠭᠵᠢᠭᠦᠯᠬᠦ ᠶᠢ ᠤᠶᠠᠯᠳᠤᠭᠤᠯᠬᠤ ᠶᠢ ᠪᠠᠷᠢᠮᠲᠠᠯᠠᠨ᠂ | ᠬᠠᠳᠠᠭᠠᠯᠠᠭᠳᠠᠵᠤ ᠪᠠᠶᠢᠭ᠎ᠠ ᠲᠠᠸᠠᠷ ᠤᠨ ᠭᠡᠷ ᠪᠠᠶᠢᠰᠢᠩ ᠢ ᠬᠤᠳᠠᠯᠳᠤᠨ ᠠᠪᠴᠤ ᠪᠠᠲᠤᠯᠠᠭ᠎ᠠ ᠶᠢᠨ ᠴᠢᠨᠠᠷᠲᠠᠢ ᠣᠷᠣᠨ | ᠰᠠᠭᠤᠴᠠ ᠪᠣᠯᠭᠠᠨ ᠬᠡᠷᠡᠭᠯᠡᠬᠦ ᠶᠢ ᠢᠳᠡᠪᠬᠢᠲᠡᠢ ᠳᠡᠮᠵᠢᠵᠦ᠂ ᠪᠠᠲᠤᠯᠠᠨ ᠲᠤᠰᠢᠶᠠᠬᠤ ᠭᠡᠷ ᠪᠠᠶᠢᠰᠢᠩ ᠤᠨ ᠠᠵᠢᠯ ᠢ ᠤᠯᠠᠮ | ᠰᠠᠶᠢᠳᠤᠷ ᠬᠢᠵᠦ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠨ | ᠪᠠᠶᠢᠭᠤᠯᠬᠤ ᠬᠡᠷᠡᠭᠲᠡᠢ᠃ ᠣᠷᠣᠨ ᠨᠤᠲᠤᠭ ᠤᠨ ᠥᠷᠢ ᠥᠭᠴᠡᠭᠡ ᠶᠢ ᠠᠷᠢᠯᠭᠠᠬᠤ ᠬᠠᠮ ᠲᠥᠰᠥᠯ ᠢ ᠲᠡᠭᠦᠯᠳᠡᠷᠵᠢᠭᠦᠯᠦᠨ | ᠨᠠᠶᠢᠳᠠᠪᠤᠷᠢᠵᠢᠭᠤᠯᠵᠤ᠂ ᠨᠥᠬᠦᠴᠡᠯ ᠪᠦᠷᠢᠯᠳᠦᠭᠦᠯᠵᠦ ᠪᠠᠶᠢᠭᠠᠤᠨ ᠣᠷᠣᠨ ᠨᠤᠲᠤᠭ ᠤᠨ ᠪᠡᠯᠡ ᠲᠣᠬᠢᠷᠠᠭᠤᠯᠬᠤ | ᠲᠠᠪᠴᠠᠩ ᠤᠨ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠲᠦᠷᠭᠡᠨ ᠠᠷᠢᠯᠭᠠᠬᠤ ᠬᠡᠷᠡᠭᠲᠡᠢ᠃ ᠠᠶᠤᠯ | ᠲᠦᠭᠰᠢᠭᠦᠷᠢ ᠶᠢ ᠰᠡᠷᠭᠡᠶᠢᠯᠡᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠬᠥᠭᠵᠢᠯᠲᠡ ᠶᠢ ᠠᠬᠢᠭᠤᠯᠬᠤ ᠶᠢ | ᠨᠢᠭᠡᠳᠦᠯᠲᠡᠢ ᠲᠥᠯᠥᠪᠯᠡᠨ᠂ ᠪᠡᠯᠡ ᠣᠷᠣᠭᠤᠯᠤᠭᠴᠢᠳ ᠤᠨ ᠢᠲᠡᠭᠡᠯ ᠵᠣᠷᠢᠭ ᠢ ᠬᠥᠪᠴᠢᠯᠡᠵᠦ᠂ ᠬᠥᠷᠥᠩᠭᠡ ᠶᠢᠨ ᠵᠠᠬ᠎ᠠ | ᠳᠡᠯᠭᠡᠭᠦᠷ ᠤᠨ ᠳᠣᠲᠣᠭᠠᠳᠤ ᠶᠢᠨ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ | ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠵᠦ᠂ ᠬᠥᠳᠡᠭᠡ ᠲᠣᠰᠬᠤᠨ ᠤ ᠬᠥᠮᠥᠨ ᠠᠮᠠ ᠶᠢᠨ ᠬᠡᠪᠴᠢᠶᠡᠵᠢᠯ ᠤᠨ ᠴᠢᠨᠠᠷᠲᠠᠢ ᠳᠠᠭᠢᠨ ᠶᠠᠳᠠᠭᠤᠷᠠᠬᠤ ᠦᠭᠡᠢ | ᠪᠠᠶᠢᠬᠤ ᠶᠢ ᠦᠨᠡᠨ ᠬᠦ᠋ ᠪᠠᠲᠤᠯᠠᠬᠤ ᠬᠡᠷᠡᠭᠲᠡᠢ᠃ ᠲᠠᠷᠢᠶᠠᠨ ᠭᠠᠵᠠᠷ ᠢ ᠬᠠᠮᠠᠭᠠᠯᠠᠬᠤ ᠪᠠ ᠶᠠᠰᠤ ᠴᠢᠨᠠᠷ ᠢ ᠳᠡᠭᠡᠭᠰᠢᠯᠡᠭᠦᠯᠭᠦ ᠶᠢ | ᠴᠢᠩᠭᠠᠳᠬᠠᠵᠤ᠂ ᠲᠠᠷᠢᠶᠠᠯᠠᠩ ᠤᠨ ᠦᠢᠯᠡᠳᠪᠦᠷᠢᠯᠡᠯ ᠢ ᠰᠠᠶᠢᠳᠤᠷ ᠠᠳᠬᠤᠵᠤ᠂ ᠪᠦᠭᠦ ᠵᠢᠯ ᠤᠨ ᠠᠮᠤ ᠪᠤᠳᠠᠭᠠᠨ ᠤ ᠡᠯᠪᠡᠭ | ᠬᠤᠷᠢᠶᠠᠯᠲᠠ ᠶᠢ ᠴᠢᠷᠮᠠᠶᠢᠨ ᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ | ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠣᠳᠣᠯᠭ᠎ᠠ ᠶᠢ ᠴᠢᠩᠭᠠᠳᠬᠠᠵᠤ᠂ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠵᠡᠷᠭᠡ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠶᠢ ᠰᠠᠶᠢᠳᠤᠷ ᠬᠢᠬᠦ ᠬᠡᠷᠡᠭᠲᠡᠢ᠃ | ᠣᠷᠣᠯᠭ᠎ᠠ ᠪᠠᠭᠠᠲᠠᠢ ᠬᠥᠮᠥᠨ ᠠᠮᠠ ᠶᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠨᠡᠶᠢᠭᠡᠮ ᠤᠨ | ᠪᠠᠲᠤᠯᠠᠭ᠎ᠠ ᠶᠢᠨ ᠲᠣᠣᠷ ᠢ ᠨᠢᠭᠲᠠ ᠰᠦᠯᠵᠢᠬᠦ ᠬᠡᠷᠡᠭᠲᠡᠢ᠃ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ | ᠭᠠᠮᠰᠢᠭ ᠠᠴᠠ ᠠᠪᠤᠷᠠᠬᠤ ᠠᠵᠢᠯ ᠢ ᠪᠦᠭᠦ ᠬᠦᠴᠦ ᠪᠠᠷ ᠢᠶᠠᠨ ᠰᠠᠶᠢᠳᠤᠷ ᠬᠢᠵᠦ᠂ ᠤᠷᠭᠢᠯ ᠬᠤᠭᠤᠴᠠᠭ᠎ᠠ ᠶᠢ ᠤᠭᠲᠤᠵᠤ | ᠵᠤᠨ ᠢ ᠥᠩᠭᠡᠷᠡᠭᠦᠯᠬᠦ ᠬᠤᠭᠤᠴᠠᠭᠠᠨ ᠤ ᠡᠨᠧᠷᠭᠢ ᠴᠠᠭᠢᠯᠭᠠᠨ ᠬᠦᠴᠦᠨ ᠤ ᠬᠠᠩᠭᠠᠯᠭ᠎ᠠ ᠶᠢ ᠰᠠᠶᠢᠳᠤᠷ ᠬᠢᠵᠦ᠂ ᠠᠶᠤᠯᠭᠦᠢ | ᠦᠢᠯᠡᠳᠪᠦᠷᠢᠯᠡᠯ ᠢ ᠰᠠᠶᠢᠳᠤᠷ ᠠᠳᠬᠤᠵᠤ᠂ ᠢᠳᠡᠭᠡᠨ ᠤ ᠠᠮᠤᠷ ᠲᠦᠪᠰᠢᠨ᠂ ᠨᠡᠶᠢᠭᠡᠮ ᠤᠨ ᠠᠮᠤᠷ ᠲᠦᠪᠰᠢᠨ ᠵᠡᠷᠭᠡ | ᠠᠰᠠᠭᠤᠳᠠᠯ ᠢ ᠨᠠᠷᠢᠨ ᠬᠢᠨᠠᠮᠠᠭᠠᠢ ᠰᠢᠢᠳᠪᠦᠷᠢᠯᠡᠬᠦ ᠬᠡᠷᠡᠭᠲᠡᠢ᠃ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠭᠦᠨᠵᠡᠭᠡᠢ ᠰᠠᠶᠢᠳᠤᠷ ᠬᠢᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ | ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ | ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠡᠮᠦᠨᠡᠬᠢ ᠬᠤᠭᠤᠴᠠᠭᠠᠨ ᠤ ᠰᠤᠳᠤᠯᠤᠨ ᠲᠥᠰᠥᠪᠯᠡᠬᠦ | ᠠᠵᠢᠯ ᠢ ᠰᠠᠶᠢᠳᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠪᠣᠯ ᠠᠷᠬᠠᠭ ᠭᠡᠮ ᠮᠥᠨ᠂ ᠡᠷᠬᠡᠪᠰᠢ ᠶᠡᠭᠡ ᠬᠦᠴᠦ | ᠣᠷᠣᠭᠤᠯᠵᠤ ᠪᠠᠶᠢᠭᠠᠤᠨ᠂ ᠡᠷᠡᠰ ᠵᠠᠯᠠᠷᠠᠭᠤᠯᠬᠤ ᠬᠡᠷᠡᠭᠲᠡᠢ᠃ ᠦᠨᠳᠦᠰᠦᠨ ᠱᠠᠲᠤ ᠪᠣᠯ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ︽ᠡᠴᠦᠰ ᠤᠨ ᠨᠢᠭᠡ | ᠺᠢᠯᠣᠮᠧᠳ᠋ᠷ︾ ᠪᠣᠯᠣᠨ᠎ᠠ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠳᠤ ᠬᠦᠯᠢᠶᠡᠰᠦᠯᠡᠭᠳᠡᠵᠦ ᠪᠤᠯᠬᠤ ᠦᠭᠡᠢ᠃ ᠲᠥᠪ ᠤᠨ | ᠱᠦᠵᠢ ᠨᠠᠷ ᠤᠨ ᠭᠠᠵᠠᠷ ᠤᠨ ᠴᠥᠬᠦᠷᠡᠰᠢ ᠦᠭᠡᠢ ᠠᠳᠬᠤᠵᠤ᠂ ᠲᠥᠪ ᠤᠨ ᠲᠡᠰ ᠳᠠᠪᠬᠤᠷᠭ᠎ᠠ ᠠᠴᠠ ᠬᠡᠯᠪᠡᠷᠢᠴᠢ ᠦᠵᠡᠯ ᠢ | ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠢ ᠠᠵᠢᠯ ᠤᠨ ᠲᠣᠭᠲᠠᠴᠠ ᠶᠢ | ᠲᠣᠭᠲᠠᠭᠰᠠᠨ ᠬᠤᠭᠤᠴᠠᠭ᠎ᠠ ᠲᠠᠢ ᠪᠠᠷ ᠱᠠᠯᠠᠪᠳᠠᠭᠤᠯᠤᠨ ᠪᠠᠶ᠋ᠢᠴᠠᠭᠠᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠡᠯ᠎ᠡ | ᠰᠠᠯᠠᠭ᠎ᠠ ᠮᠥᠴᠢᠷ᠂ ᠡᠯ᠎ᠡ ᠮᠤᠵᠢ ᠶᠢᠨ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠠᠵᠢᠯ ᠢᠶᠠᠨ | ᠲᠣᠬᠢᠷᠠᠭᠤᠯᠤᠨ ᠪᠠᠶᠢᠷᠢᠯᠠᠭᠤᠯᠬᠤ ᠳᠠᠭᠠᠨ ᠦᠨᠡᠨ ᠠᠴᠠ ᠵᠥᠪ ᠢ ᠡᠷᠢᠵᠦ᠂ ᠮᠤᠵᠢ ᠠᠴᠠ ᠳᠣᠷᠣᠭᠰᠢᠬᠢ ᠡᠯ᠎ᠡ ᠱᠠᠲᠤᠨ ᠤ | ᠨᠠᠮ ᠤᠨ ᠬᠤᠷᠢᠶᠠᠨ ᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠰᠠᠶᠢᠳᠤᠷ ᠭᠦᠢᠴᠡᠳᠬᠡᠵᠦ᠂ ᠡᠯ᠎ᠡ ᠱᠠᠲᠤᠨ ᠤ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨᠠᠯᠲᠠ ᠲᠠᠯᠪᠢᠵᠤ ᠬᠡᠷᠡᠭᠵᠢᠭᠦᠯᠬᠦ ᠪᠠᠨ | ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠳᠦᠷᠢᠮ ᠤᠨ ᠪᠠᠶᠢᠭᠤᠯᠤᠯᠲᠠ ᠬᠢᠭᠡᠳ ᠬᠡᠷᠡᠭᠵᠢᠭᠦᠯᠦᠯᠲᠡ ᠶᠢ ᠴᠢᠩᠭᠠᠳᠬᠠᠵᠤ᠂ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠪᠠ ᠡᠨᠧᠷᠭᠢ ᠣᠯᠭᠤᠬᠤ ᠶᠢ ᠨᠢᠭᠡᠳᠦᠯᠲᠡᠢ ᠲᠥᠯᠥᠪᠵᠢᠭᠦᠯᠵᠦ᠂ ᠲᠥᠪ ᠤᠨ | ᠨᠠᠶᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠤᠯᠠᠮ ᠴᠢᠩᠭ᠎ᠠ | ᠨᠠᠶᠢᠳᠠᠪᠤᠷᠢᠵᠢᠭᠤᠯᠵᠤ᠂ ᠦᠷᠭᠦᠯᠵᠢᠯᠡᠨ ᠪᠢᠴᠢᠭ ᠮᠠᠲ᠋ᠧᠷᠢᠶᠠᠯ ᠢ ᠴᠣᠮᠬᠠᠳᠬᠠᠵᠤ ᠬᠤᠷᠠᠯ ᠢ ᠴᠥᠭᠡᠳᠬᠡᠵᠦ᠂ ᠱᠠᠯᠠᠪᠳᠠᠭᠤᠯᠤᠨ | ᠪᠠᠶᠢᠴᠠᠭᠠᠬᠤ ᠬᠢᠨᠠᠨ ᠪᠠᠶ᠋ᠢᠴᠠᠭᠠᠬᠤ ᠰᠢᠯᠭᠠᠨ ᠦᠨᠡᠯᠡᠬᠦ ᠶᠢ ᠨᠢᠭᠡᠳᠦᠯᠲᠡᠢ ᠲᠥᠯᠥᠪᠵᠢᠭᠦᠯᠦᠨ ᠵᠢᠷᠤᠮᠵᠢᠭᠤᠯᠵᠤ᠂ ᠨᠤᠷᠰᠢᠭᠤᠨ | ᠠᠰᠠᠭᠤᠳᠠᠯ ᠢ ᠦᠨᠡᠨ ᠬᠦ᠋ ᠰᠢᠢᠳᠪᠦᠷᠢᠯᠡᠵᠦ᠂ ᠦᠨᠳᠦᠰᠦᠨ ᠱᠠᠲᠤᠨ ᠠᠴᠠ ᠺᠠᠳ᠋ᠷ ᠵᠢᠭᠡᠯᠡᠨ ᠬᠡᠷᠡᠭᠯᠡᠬᠦ ᠶᠢ ᠴᠢᠩᠭ᠎ᠠ | ᠵᠢᠷᠤᠮᠵᠢᠭᠤᠯᠵᠤ᠂ ᠵᠠᠰᠠᠭ ᠤᠨ ᠶᠠᠪᠤᠳᠠᠯ ᠤᠨ ᠰᠢᠯᠵᠢᠮᠡᠯ ᠢᠨᠲ᠋ᠧᠷ ᠰᠦᠯᠵᠢᠶᠡᠨ ᠤ ᠬᠡᠷᠡᠭᠯᠡᠭᠡᠨ ᠤ ᠫᠷᠣᠭ᠍ᠷᠠᠮ ᠤᠨ | ᠵᠢᠷᠤᠮᠵᠢᠬᠰᠠᠨ ᠬᠠᠮᠢᠶᠠᠷᠤᠯᠲᠠ ᠶᠢ ᠴᠢᠩᠭᠠᠳᠬᠠᠵᠤ᠂ ︽ᠬᠤᠷᠤᠭᠤᠨ ᠦᠵᠦᠭᠦᠷ ᠲᠠᠬᠢ ᠬᠡᠯᠪᠡᠷᠢᠴᠢ ᠦᠵᠡᠯ︾ ᠢ ᠴᠡᠭᠴᠡᠯᠡᠨ | ᠵᠠᠰᠠᠵᠤ᠂ ᠦᠨᠳᠦᠰᠦᠨ ᠱᠠᠲᠤᠨ ᠤ ᠡᠷᠬᠡ ᠬᠠᠷᠢᠭᠤᠴᠠᠯᠭ᠎ᠠ ᠶᠢ ᠤᠯᠠᠮ ᠰᠢᠯᠤᠭᠤᠳᠬᠠᠵᠤ᠂ ᠡᠬᠢ ᠪᠠᠶᠠᠯᠢᠭ᠂ ᠦᠢᠯᠡᠴᠢᠯᠡᠭᠡ᠂ | ᠬᠠᠮᠢᠶᠠᠷᠤᠯᠲᠠ ᠶᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠬᠦ ᠶᠢ ᠠᠬᠢᠭᠤᠯᠵᠤ᠂ ᠦᠯᠢᠭᠡᠷ ᠵᠢᠰᠢᠶ᠎ᠡ ᠶᠢ ᠡᠭᠦᠳᠦᠨ | ᠪᠠᠶᠢᠭᠤᠯᠬᠤ ᠪᠠ ᠪᠠᠷᠢᠮᠵᠢᠶ᠎ᠠ ᠳᠤ ᠬᠦᠷᠭᠡᠬᠦ ᠠᠵᠢᠯᠯᠠᠭ᠎ᠠ ᠶᠢ ᠴᠣᠮᠬᠠᠳᠬᠠᠵᠤ᠂ ᠦᠯᠢᠭᠡᠷ ᠵᠢᠰᠢᠶ᠎ᠡ ᠶᠢ ᠡᠭᠦᠳᠦᠨ ᠪᠠᠶᠢᠭᠤᠯᠬᠤ | ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷᠴᠤᠳ ᠢᠯᠠᠩᠭᠤᠶ᠎ᠠ ᠦᠨᠳᠦᠰᠦᠨ | ᠱᠠᠲᠤᠨ ᠤ ᠤᠯᠠᠨ ᠲᠦᠮᠡᠨ ᠤ ᠲᠤᠰᠬᠠᠯ ᠶᠡᠬᠡᠲᠡᠢ ᠳᠤᠪᠤᠶᠢᠮ᠎ᠠ ᠠᠰᠠᠭᠤᠳᠠᠯ ᠢ ᠨᠢᠭᠡ ᠶᠢ ᠣᠯᠵᠤ ᠮᠡᠳᠡᠪᠡᠯ ᠨᠢᠭᠡ ᠶᠢ | ᠴᠡᠭᠴᠡᠯᠡᠨ ᠵᠠᠰᠠᠬᠤ ᠭᠡᠷᠡᠭᠲᠡᠢ︔ ᠵᠣᠭᠢᠬᠤ ᠨᠡᠶᠢᠲᠡᠯᠢᠭ ᠴᠢᠨᠠᠷᠲᠠᠢ᠂ ᠲᠦᠭᠡᠮᠡᠯ ᠴᠢᠨᠠᠷᠲᠠᠢ ᠠᠰᠠᠭᠤᠳᠠᠯ ᠢ ᠬᠦᠴᠦᠨ ᠢᠶᠠᠨ | ᠲᠥᠪᠯᠡᠷᠡᠭᠦᠯᠦᠨ ᠲᠤᠰᠬᠠᠢ ᠴᠡᠭᠴᠡᠯᠡᠨ ᠵᠠᠰᠠᠬᠤ ᠪᠠ ᠴᠡᠪᠡᠷᠯᠡᠨ ᠠᠷᠢᠯᠭᠠᠵᠤ᠂ ᠦᠨᠳᠦᠰᠦᠨ ᠱᠠᠲᠤ ᠶᠢ ᠬᠡᠯᠪᠡᠷᠢᠴᠢ ᠦᠵᠡᠯ᠂ | ᠨᠣᠶᠠᠨᠴᠢ ᠰᠤᠷᠲᠠᠯ ᠤᠨ ᠬᠦᠯᠢᠶᠡᠰᠦᠯᠡᠯ ᠠᠴᠠ ᠦᠨᠡᠨ ᠬᠦ᠋ ᠮᠤᠯᠲᠤᠷᠠᠭᠤᠯᠵᠤ᠂ ᠥᠷᠭᠡᠨ ᠤᠯᠠᠨ ᠨᠠᠮ ᠤᠨ ᠭᠡᠰᠢᠭᠦᠨ᠂ | ᠺᠠᠳ᠋ᠷ ᠢ ᠬᠥᠲᠥᠯᠥᠨ ᠵᠢᠯᠤᠭᠤᠳᠴᠤ ᠪᠠᠶᠢᠭᠠᠤᠨ ᠵᠥᠪ ᠠᠵᠢᠯ ᠤᠨ ᠠᠮᠵᠢᠯᠲᠠ ᠶᠢᠨ ᠦᠵᠡᠯᠲᠡ ᠶᠢ ᠪᠤᠢ ᠪᠤᠯᠭᠠᠵᠤ᠂ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂ ᠨᠡᠩ ᠤᠯᠠᠨ ᠤᠶᠤᠨ ᠴᠢᠳᠠᠯ ᠢᠶᠠᠷ | ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ | ᠳᠡᠪᠰᠢᠭᠦᠯᠦᠭᠴᠢ᠄ ᠲᠡᠷᠭᠡᠯ | |