ᠰᠢ ᠶᠢᠨ ᠫᠢᠩ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠵᠢᠷᠭᠤᠳᠤᠭᠠᠷ | ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ | ᠰᠡᠳᠬᠢᠴᠡ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ ᠠᠵᠢᠯ ᠤᠨ | ᠨᠠᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ ᠬᠦᠴᠦᠷᠬᠡᠭ ᠶᠡᠭᠡ ᠪᠠᠲᠤ ᠪᠠᠬᠢ | ᠣᠲᠣ ᠦᠶ᠎ᠡ ᠶᠢᠨ ᠬᠢᠯᠢ ᠲᠡᠯᠡᠶ ᠠᠭᠠᠷ ᠤᠨ ᠰᠡᠷᠭᠡᠶᠢᠯᠡᠯᠲᠡ ᠶᠢ ᠴᠢᠷᠮᠠᠶᠢᠨ ᠪᠦᠲᠦᠭᠡᠨ ᠪᠠᠶᠢᠭᠤᠯᠬᠤ ᠬᠡᠷᠡᠭᠲᠡᠢ | | ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 31 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶᠠᠨ ᠤ | ᠤᠯᠤᠰ ᠲᠥᠷᠥ ᠶᠢᠨ ᠲᠣᠪᠴᠢᠶ᠎ᠠ 7 ᠰᠠᠷ᠎ᠠ ᠶᠢᠨ 30 ᠤ ᠦᠳᠡ ᠶᠢᠨ ᠬᠤᠶᠢᠨ᠎ᠠ ᠣᠲᠣ ᠦᠶ᠎ᠡ ᠶᠢᠨ ᠬᠢᠯᠢ ᠲᠡᠯᠡᠶ ᠠᠭᠠᠷ ᠤᠨ | ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠤᠬᠠᠢ ᠠᠷᠪᠠᠨ ᠵᠢᠷᠭᠤᠳᠤᠭᠠᠷ ᠤᠳᠠᠭ᠎ᠠ ᠶᠢᠨ ᠬᠠᠮᠲᠤ ᠶᠢᠨ | ᠰᠤᠷᠤᠯᠴᠠᠯᠭ᠎ᠠ ᠬᠢᠪᠡ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ | ᠡᠷᠭᠢᠯᠡᠭᠦ ᠳᠡᠭᠡᠨ ᠴᠢᠬᠤᠯᠠ ᠶᠠᠷᠢᠶ᠎ᠠ ᠲᠠᠯᠪᠢᠵᠤ᠂ ᠣᠲᠣ ᠦᠶ᠎ᠡ ᠶᠢᠨ ᠬᠢᠯᠢ ᠲᠡᠯᠡᠶ ᠠᠭᠠᠷ ᠤᠨ ᠰᠡᠷᠭᠡᠶᠢᠯᠡᠯᠲᠡ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠬᠤ ᠪᠣᠯ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢᠨ | ᠳᠣᠲᠣᠭᠠᠳᠤ ᠱᠠᠭᠠᠷᠳᠠᠯᠭ᠎ᠠ ᠮᠥᠨ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ | ᠬᠥᠭᠵᠢᠯᠲᠡ ᠶᠢ ᠪᠠᠲᠤᠯᠠᠬᠤ ᠳᠤ ᠪᠠᠶᠢᠪᠠᠰᠣ ᠵᠣᠬᠢᠬᠤ ᠠᠭᠤᠯᠭ᠎ᠠ ᠮᠥᠨ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ | ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ | ᠪᠠᠷᠢᠮᠲᠠᠯᠠᠵᠤ᠂ ᠤᠯᠤᠰ ᠤᠨ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠪᠣᠯᠣᠨ ᠴᠡᠷᠢᠭ ᠤᠨ ᠶᠠᠪᠤᠳᠠᠯ ᠤᠨ ᠪᠠᠶᠢᠯᠳᠤᠬᠤ | ᠪᠣᠳᠣᠯᠭ᠎ᠠ ᠶᠢᠨ ᠪᠦᠭᠦ ᠲᠠᠯ᠎ᠠ ᠳᠤ ᠰᠠᠭᠤᠷᠢᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ | ᠨᠢᠭᠡᠳᠦᠯᠲᠡᠢ ᠲᠥᠯᠥᠪᠯᠡᠵᠦ᠂ ᠬᠢᠯᠢ ᠲᠠᠯᠠᠢ ᠠᠭᠠᠷ ᠤᠨ ᠰᠡᠷᠭᠡᠶᠢᠯᠡᠯᠲᠡ ᠶᠢᠨ ᠰᠢᠨ᠎ᠡ ᠪᠠᠶᠢᠳᠠᠯ ᠰᠢᠨ᠎ᠡ ᠣᠨᠴᠠᠯᠢᠭ ᠰᠢᠨ᠎ᠡ | ᠱᠠᠭᠠᠷᠳᠠᠯᠭ᠎ᠠ ᠶᠢ ᠡᠵᠡᠮᠳᠡᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠰᠡᠳᠬᠢᠴᠡ ᠠᠷᠭ᠎ᠠ ᠬᠡᠮᠵᠢᠶ᠎ᠡ ᠶᠢᠨ | ᠰᠢᠨ᠎ᠡ ᠶᠢ ᠡᠭᠦᠳᠴᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠦᠴᠦᠷᠬᠡᠭ ᠶᠡᠭᠡ ᠪᠠᠲᠤ ᠪᠠᠬᠢ | ᠤᠳᠤ ᠦᠶ᠎ᠡ ᠶᠢᠨ ᠬᠢᠯᠢ ᠲᠠᠯᠠᠢ ᠠᠭᠠᠷ ᠤᠨ ᠰᠡᠷᠭᠡᠶᠢᠯᠡᠯᠲᠡ ᠶᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | ᠡᠨᠡ ᠤᠳᠠᠭ᠎ᠠ ᠶᠢᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠠᠮᠲᠤ ᠶᠢᠨ ᠰᠤᠷᠤᠯᠴᠠᠯᠭ᠎ᠠ ︽8 · 1︾ ᠤ | ᠴᠡᠷᠢᠭ ᠪᠠᠶᠢᠭᠤᠯᠤᠭᠳᠠᠭᠰᠠᠨ ᠪᠠᠶᠠᠷ ᠠᠴᠠ ᠡᠮᠦᠨᠡᠬᠡᠨ ᠶᠠᠪᠤᠭᠳᠠᠪᠠ᠃ ᠰᠢ ᠶᠢᠨ ᠫᠢᠩ ᠨᠠᠮ ᠤᠨ ᠲᠥᠪ ᠬᠤᠷᠢᠶ᠎ᠠ ᠪᠣᠯᠣᠨ | ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠠᠷᠠᠳ ᠤᠨ ᠴᠢᠯᠦᠭᠡᠯᠡᠬᠦ ᠴᠡᠷᠢᠭ ᠤᠨ ᠪᠦᠭᠦ | ᠵᠢᠯᠣᠭᠤᠳᠤᠭᠴᠢ ᠪᠠᠶᠢᠯᠳᠤᠭᠴᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢ᠂ ᠴᠡᠷᠢᠭ | ᠠᠩᠭᠢ ᠶᠢᠨ ᠪᠢᠴᠢᠭ ᠤᠨ ᠲᠤᠰᠢᠶᠠᠯᠲᠠᠨ᠂ ᠡᠷᠦᠭᠡ ᠶᠢᠨ ᠴᠡᠷᠢᠭ ᠤᠨ ᠪᠡᠯᠡᠳᠬᠡᠯ ᠠᠯᠪᠠᠨ ᠤ ᠬᠥᠮᠥᠰ ᠲᠤ ᠪᠠᠶᠠᠷ ᠤᠨ | ᠡᠳᠦᠷ ᠤᠨ ᠮᠡᠨᠳᠦᠴᠢᠯᠡᠯ ᠬᠦᠷᠭᠡᠪᠡ︕ | ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠬᠠᠮᠲᠤᠷᠠᠭᠰᠠᠨ ᠱᠲ᠋ᠠᠪ ᠤᠨ ᠭᠠᠵᠠᠷ ᠤᠨ ᠬᠤᠸᠠᠩ ᠵᠢᠢ ᠵᠦᠩ | ᠨᠥᠬᠦᠷ ᠤᠳᠤ ᠦᠶ᠎ᠡ ᠶᠢᠨ ᠬᠢᠯᠢ ᠲᠠᠯᠠᠢ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ | ᠠᠰᠠᠭᠤᠳᠠᠯ ᠤᠨ ᠲᠤᠬᠠᠢ ᠲᠠᠶᠢᠯᠤᠮᠵᠢ ᠬᠢᠵᠦ᠂ ᠠᠵᠢᠯ ᠤᠨ ᠰᠠᠨᠠᠭᠤᠯᠭ᠎ᠠ ᠳᠤᠷᠠᠳᠪᠠ᠃ ᠲᠥᠪ ᠤᠨ ᠤᠯᠤᠰ ᠲᠦᠷᠦ ᠶᠢᠨ | ᠲᠣᠪᠴᠢᠶᠠᠨ ᠤ ᠨᠥᠬᠦᠳ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ᠃ | ᠰᠢ ᠶᠢᠨ ᠫᠢᠩ ᠲᠠᠶᠢᠯᠤᠮᠵᠢ ᠪᠠ ᠶᠠᠷᠢᠯᠴᠠᠭ᠎ᠠ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂ | ᠬᠢᠯᠢ ᠲᠡᠯᠡᠶ ᠠᠭᠠᠷ ᠤᠨ ᠰᠡᠷᠭᠡᠶᠢᠯᠡᠯᠲᠡ ᠪᠣᠯ ᠤᠯᠤᠰ ᠤᠨ ᠡᠷᠬᠡ ᠮᠡᠳᠡᠯ ᠤᠨ ᠴᠢᠬᠤᠯᠠ ᠪᠡᠯᠭᠡ ᠲᠡᠮᠳᠡᠭ᠂ ᠤᠯᠤᠰ ᠤᠨ | ᠠᠮᠤᠷ ᠲᠦᠪᠰᠢᠨ ᠤ ᠴᠢᠬᠤᠯᠠ ᠪᠣᠭᠤᠮᠲᠠ᠂ ᠤᠯᠤᠰ ᠤᠨ ᠬᠥᠭᠵᠢᠯᠲᠡ ᠶᠢᠨ ᠴᠢᠬᠤᠯᠠ ᠪᠠᠲᠤᠯᠠᠭ᠎ᠠ ᠮᠥᠨ᠂ ᠮᠠᠨ ᠤ ᠨᠠᠮ | ᠶᠡᠷᠦ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠭᠰᠡᠨ ᠶᠤᠮ᠃ ᠨᠠᠮ ᠤᠨ ᠠᠷᠪᠠᠨ ᠨᠠᠶᠢᠮᠠᠳᠤᠭᠠᠷ ᠶᠡᠭᠡ | ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠬᠢᠯᠢ ᠲᠠᠯᠠᠢ ᠠᠭᠠᠷ ᠤᠨ ᠰᠡᠷᠭᠡᠶᠢᠯᠡᠯᠲᠡ ᠶᠢᠨ ᠪᠦᠲᠦᠭᠡᠨ | ᠪᠠᠶᠢᠭᠤᠯᠤᠯᠲᠠ ᠶᠢ ᠲᠦᠷᠦ ᠶᠢ ᠵᠠᠰᠠᠵᠤ ᠵᠠᠰᠠᠭ ᠢ ᠡᠷᠭᠢᠯᠡᠭᠦ ᠴᠢᠬᠤᠯᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠨᠠᠮ | ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠶᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ | ᠪᠠᠬᠢᠵᠢᠭᠦᠯᠬᠦ ᠶᠢ ᠴᠢᠩᠭᠠᠳᠬᠠᠵᠤ᠂ ᠬᠢᠯᠢ ᠲᠠᠯᠠᠢ ᠠᠭᠠᠷ ᠤᠨ ᠰᠡᠷᠭᠡᠶᠢᠯᠡᠯᠲᠡ ᠶᠢᠨ ᠤᠳᠤᠷᠢᠳᠤᠨ ᠬᠠᠮᠢᠶᠠᠷᠬᠤ ᠪᠠᠶᠢᠭᠤᠯᠤᠯ᠂ | ᠬᠦᠴᠦᠨ ᠤ ᠪᠦᠲᠦᠴᠡ᠂ ᠲᠦᠷᠦ ᠶᠢᠨ ᠪᠣᠳᠣᠯᠭ᠎ᠠ ᠳᠦᠷᠢᠮ ᠵᠡᠷᠭᠡ ᠠᠯᠢ ᠤᠯᠠᠨ ᠴᠢᠬᠤᠯᠠ ᠶᠡᠭᠡ ᠥᠭᠡᠷᠡᠴᠢᠯᠡᠯᠲᠡ ᠶᠢ | ᠤᠳᠤᠷᠢᠳᠤᠨ ᠬᠡᠷᠡᠭᠵᠢᠭᠦᠯᠵᠦ᠂ ᠬᠢᠯᠢ ᠲᠠᠯᠠᠢ ᠠᠭᠠᠷ ᠤᠨ ᠰᠡᠷᠭᠡᠶᠢᠯᠡᠯᠲᠡ ᠶᠢᠨ ᠠᠯᠢ ᠤᠯᠠᠨ ᠴᠢᠬᠤᠯᠠ ᠶᠡᠭᠡ ᠠᠵᠢᠯᠯᠠᠭ᠎ᠠ ᠶᠢ | ᠵᠢᠯᠣᠭᠤᠳᠤᠨ ᠥᠷᠨᠢᠭᠦᠯᠵᠦ᠂ ᠮᠠᠨ ᠤ ᠤᠯᠤᠰ ᠤᠨ ᠨᠤᠲᠤᠭ ᠳᠡᠪᠢᠰᠬᠡᠷ ᠤᠨ ᠡᠷᠬᠡ ᠮᠡᠳᠡᠯ ᠪᠠ ᠲᠠᠯᠠᠢ ᠲᠠᠩᠭᠢᠰ ᠤᠨ ᠡᠷᠬᠡ | ᠠᠰᠢᠭ ᠢ ᠬᠦᠴᠦᠲᠡᠢ ᠬᠠᠮᠠᠭᠠᠯᠠᠵᠤ᠂ ᠤᠯᠤᠰ ᠤᠨ ᠠᠮᠤᠷ ᠲᠦᠪᠰᠢᠨ ᠪᠠ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ | ᠰᠠᠨᠠᠭᠠᠴᠢᠯᠠᠭᠠᠲᠤ ᠴᠢᠨᠠᠷ ᠢ ᠬᠠᠮᠠᠭᠠᠯᠠᠪᠠ᠃ ᠮᠠᠨ ᠤ ᠤᠯᠤᠰ ᠤᠨ ᠬᠢᠯᠢ ᠳᠠᠯᠠᠢ ᠠᠭᠠᠷ ᠤᠨ ᠰᠡᠷᠭᠡᠶᠢᠯᠡᠯᠲᠡ ᠶᠢᠨ ᠪᠦᠲᠦᠭᠡᠨ | ᠪᠠᠶᠢᠭᠤᠯᠤᠯᠲᠠ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ᠂ ᠰᠢᠨ᠎ᠡ ᠭᠠᠷᠤᠭ᠎ᠠ ᠳᠡᠭᠡᠷ᠎ᠡ ᠵᠣᠭᠰᠣᠵᠠᠢ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠣᠳᠣᠬᠠᠨ ᠳᠤ᠂ ᠳᠡᠯᠡᠬᠡᠢ ᠳ᠋ᠠᠬᠢᠨ ᠤ ᠵᠠᠭᠤᠨ ᠵᠢᠯ ᠤᠨ ᠬᠤᠪᠢᠰᠤᠯᠲᠠ ᠲᠦᠷᠭᠡᠳᠦᠨ ᠤᠯᠠᠷᠢᠵᠤ᠂ | ᠮᠠᠨ ᠤ ᠤᠯᠤᠰ ᠤᠨ ᠬᠢᠯᠢ ᠲᠡᠯᠡᠶ ᠠᠭᠠᠷ ᠤᠨ ᠰᠡᠷᠭᠡᠶᠢᠯᠡᠯᠲᠡ ᠶᠢᠨ ᠳᠣᠲᠣᠭᠠᠳᠤ ᠠᠭᠤᠯᠤᠭᠳᠠᠬᠤᠨ ᠪᠣᠯᠣᠨ ᠭᠠᠳᠠᠭᠰᠢ | ᠲᠡᠯᠡᠷᠡᠯ ᠳᠤ ᠭᠦᠨᠵᠡᠭᠡᠢ ᠬᠤᠪᠢᠷᠠᠯᠲᠠ ᠭᠠᠷᠴᠤ᠂ ᠨᠥᠯᠥᠭᠡᠯᠡᠬᠦ ᠬᠦᠴᠦᠨ ᠵᠦᠢᠯ ᠨᠠᠩ ᠨᠠᠷᠢᠨ ᠪᠤᠳᠤᠯᠢᠶᠠᠨᠲᠠᠢ ᠪᠣᠯᠵᠤ᠂ ᠬᠢᠯᠢ | ᠲᠡᠯᠡᠶ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠳᠤ ᠰᠢᠨ᠎ᠡ ᠠᠵᠠ ᠲᠣᠭᠢᠶᠠᠯ ᠪᠣᠯᠣᠨ ᠥᠷᠢᠰᠦᠯᠳᠦᠭᠡᠨ | ᠲᠤᠯᠭᠠᠷᠠᠵᠤ ᠪᠠᠶ᠋ᠢᠨ᠎ᠠ᠃ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠪᠦᠭᠦ ᠲᠠᠯ᠎ᠠ ᠪᠠᠷ ᠨᠢᠭᠡᠳᠦᠯᠲᠡᠢ ᠲᠥᠯᠥᠪᠯᠡᠬᠦ ᠶᠢ | ᠴᠢᠩᠭᠠᠳᠬᠠᠵᠤ᠂ ᠤᠯᠤᠰ ᠢᠶᠠᠨ ᠬᠠᠮᠠᠭᠠᠯᠠᠵᠤ ᠬᠢᠯᠢ ᠪᠠᠨ ᠬᠠᠮᠠᠭᠠᠯᠠᠬᠤ ᠪᠦᠬᠦᠯᠢ ᠴᠣᠭᠴᠠ ᠶᠢᠨ ᠴᠢᠳᠠᠪᠤᠷᠢ ᠶᠢ | ᠳᠡᠭᠡᠭᠰᠢᠯᠡᠭᠦᠯᠭᠦ ᠬᠡᠷᠡᠭᠲᠡᠢ᠃ ᠬᠢᠯᠢ ᠲᠠᠯᠠᠢ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠪᠠ ᠬᠢᠯᠢ ᠳᠠᠭᠠᠤ | ᠲᠠᠯᠠᠢ ᠳᠠᠭᠠᠤ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠵᠣᠬᠢᠴᠠᠭᠤᠯᠤᠨ ᠠᠬᠢᠭᠤᠯᠵᠤ᠂ ᠰᠠᠭᠤᠷᠢ | ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠪᠠ ᠬᠠᠮᠲᠤ ᠪᠠᠷ ᠪᠠᠶᠢᠭᠤᠯᠵᠤ ᠬᠠᠮᠲᠤ ᠪᠠᠷ ᠬᠡᠷᠡᠭᠯᠡᠬᠦ ᠶᠢ | ᠴᠢᠩᠭᠠᠳᠬᠠᠵᠤ᠂ ᠠᠮᠤᠷ ᠲᠦᠪᠰᠢᠨ ᠢ ᠪᠦᠲᠦᠮᠵᠢᠲᠡᠢ ᠬᠠᠮᠠᠭᠠᠯᠠᠵᠤ ᠴᠢᠳᠠᠬᠤ ᠮᠥᠷᠲᠡᠭᠡᠨ ᠬᠥᠭᠵᠢᠯᠲᠡ ᠶᠢ ᠬᠦᠴᠦᠲᠡᠢ | ᠲᠤᠯᠭᠠᠭᠤᠷᠢᠯᠠᠵᠤ ᠴᠢᠳᠠᠬᠤ ᠬᠢᠯᠢ ᠲᠠᠯᠠᠢ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠯ ᠢ | ᠪᠤᠢ ᠪᠤᠯᠭᠠᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠦᠴᠦᠨ ᠣᠯᠭᠤᠬᠤ ᠶᠢ ᠴᠢᠩᠭᠠᠳᠬᠠᠵᠤ᠂ | ᠬᠢᠯᠢ ᠳᠠᠯᠠᠢ ᠠᠭᠠᠷ ᠤᠨ ᠰᠡᠷᠭᠡᠶᠢᠯᠡᠯᠲᠡ ᠶᠢᠨ ᠰᠢᠨ᠎ᠡ ᠠᠷᠭ᠎ᠠ ᠪᠠᠷᠢᠯ ᠪᠣᠯᠣᠨ ᠨᠥᠬᠦᠴᠡᠯ ᠤᠨ ᠪᠠᠶᠢᠭᠤᠯᠤᠯᠲᠠ ᠶᠢ | ᠴᠢᠩᠭᠠᠳᠬᠠᠵᠤ᠂ ᠬᠢᠯᠢ ᠳᠠᠯᠠᠢ ᠠᠭᠠᠷ ᠤᠨ ᠰᠡᠷᠭᠡᠶᠢᠯᠡᠯᠲᠡ ᠶᠢᠨ ᠪᠣᠰᠤᠭ᠎ᠠ ᠴᠣᠭᠴᠠᠲᠤ ᠣᠶᠤᠨᠴᠢ ᠬᠠᠮᠢᠶᠠᠷᠤᠨ ᠡᠵᠡᠮᠳᠡᠬᠦ | ᠰᠢᠰᠲ᠋ᠧᠮ ᠢ ᠪᠠᠶᠢᠭᠤᠯᠬᠤ ᠬᠡᠷᠡᠭᠲᠡᠢ᠃ ᠬᠤᠯᠪᠣᠭᠳᠠᠯ ᠪᠦᠬᠦᠢ ᠤᠯᠤᠰ ᠯᠤᠭ᠎ᠠ ᠶᠢᠨ ᠡᠶᠡᠯᠳᠡᠭ ᠬᠥᠷᠰᠢ ᠶᠢᠨ ᠨᠥᠭᠦᠷᠰᠡᠭ | ᠶᠠᠪᠤᠯᠴᠠᠭ᠎ᠠ ᠪᠠ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠢᠯᠢ ᠲᠠᠯᠠᠢ ᠠᠭᠠᠷ ᠤᠨ | ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠳᠤ ᠰᠠᠶᠢᠨ ᠰᠠᠶᠢᠬᠠᠨ ᠡᠷᠭᠢᠨ ᠲᠣᠭᠤᠷᠢᠨ ᠤ ᠣᠷᠴᠢᠨ ᠨᠥᠬᠦᠴᠡᠯ ᠢ ᠪᠤᠢ | ᠪᠤᠯᠭᠠᠵᠤ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠬᠢᠯᠢ ᠲᠡᠯᠡᠶ ᠠᠭᠠᠷ ᠤᠨ ᠰᠡᠷᠭᠡᠶᠢᠯᠡᠯᠲᠡ ᠶᠢᠨ | ᠴᠢᠬᠤᠯᠠ ᠶᠡᠭᠡ ᠠᠰᠠᠭᠤᠳᠠᠯ ᠤᠨ ᠰᠤᠳᠤᠯᠭᠠᠨ ᠢ ᠭᠦᠨᠵᠡᠭᠡᠶᠢᠷᠡᠭᠦᠯᠵᠦ᠂ ᠨᠢᠭᠡᠨᠲᠡ ᠣᠯᠣᠭᠰᠠᠨ ᠥᠭᠡᠷᠡᠴᠢᠯᠡᠯᠲᠡ ᠶᠢᠨ ᠦᠷ᠎ᠡ | ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠨᠢᠭᠡᠨᠲᠡ ᠲᠣᠭᠲᠠᠭᠠᠭᠰᠠᠨ ᠥᠭᠡᠷᠡᠴᠢᠯᠡᠯᠲᠡ ᠶᠢᠨ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠰᠠᠶᠢᠳᠤᠷ ᠠᠳᠬᠤᠵᠤ᠂ ᠲᠠᠷᠠᠭᠠᠴᠢ ᠶᠢᠨ ᠥᠭᠡᠷᠡᠴᠢᠯᠡᠯᠲᠡ ᠶᠢᠨ ᠲᠥᠯᠦᠪᠵᠢᠭᠦᠯᠭᠡ ᠶᠢ | ᠴᠢᠩᠭᠠᠳᠬᠠᠵᠤ᠂ ᠬᠢᠯᠢ ᠲᠡᠯᠡᠶ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠶᠢ ᠡᠭᠦᠳᠦᠨ | ᠬᠥᠭᠵᠢᠬᠦ ᠶᠢ ᠠᠬᠢᠭᠤᠯᠬᠤ ᠬᠡᠷᠡᠭᠲᠡᠢ᠃ ᠠᠵᠢᠯᠯᠠᠭᠤᠯᠬᠤ ᠶᠢᠨ ᠳᠠᠭᠠᠤ ᠥᠭᠡᠷᠡᠴᠢᠯᠡᠯᠲᠡ ᠬᠢᠬᠦ᠂ ᠲᠡᠭᠦᠯᠳᠡᠷᠵᠢᠭᠦᠯᠬᠦ ᠶᠢ | ᠪᠠᠷᠢᠮᠲᠠᠯᠠᠵᠤ᠂ ᠬᠢᠯᠢ ᠳᠠᠯᠠᠢ ᠶᠢᠨ ᠰᠡᠷᠭᠡᠶᠢᠯᠡᠯᠲᠡ ᠶᠢᠨ ᠤᠳᠤᠷᠢᠳᠤᠨ ᠬᠠᠮᠢᠶᠠᠷᠬᠤ ᠪᠠᠶᠢᠭᠤᠯᠤᠯ ᠢ ᠰᠢᠯᠢᠳᠡᠭᠵᠢᠭᠦᠯᠵᠦ᠂ | ᠴᠡᠷᠢᠭ ᠠᠩᠭᠢ ᠪᠠ ᠣᠷᠣᠨ ᠨᠤᠲᠤᠭ ᠠᠯᠤᠰᠯᠠᠭᠰᠠᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠬᠤᠯᠪᠣᠭᠳᠠᠯ | ᠪᠦᠬᠦᠢ ᠬᠠᠤᠯᠢ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠢᠯᠢ ᠳᠠᠯᠠᠢ ᠶᠢᠨ ᠰᠡᠷᠭᠡᠶᠢᠯᠡᠯᠲᠡ ᠶᠢᠨ ᠡᠯ᠎ᠡ | ᠵᠦᠢᠯ ᠤᠨ ᠠᠵᠢᠯ ᠤᠨ ᠵᠢᠷᠤᠮᠵᠢᠭᠤᠨ ᠪᠥᠭᠡᠳ ᠡᠮᠬᠢ ᠵᠢᠷᠤᠮ ᠲᠠᠢ᠂ ᠢᠯᠭᠤᠮ ᠤᠷᠤᠭᠰᠢᠲᠠᠢ ᠪᠥᠭᠡᠳ ᠥᠨᠳᠥᠷ | ᠪᠦᠲᠦᠮᠵᠢᠲᠡᠢ ᠪᠠᠶᠢᠬᠤ ᠶᠢ ᠦᠨᠡᠨ ᠬᠦ᠋ ᠪᠠᠲᠤᠯᠠᠬᠤ ᠬᠡᠷᠡᠭᠲᠡᠢ᠃ ᠤᠯᠤᠰ ᠤᠨ ᠠᠭᠠᠷ ᠤᠨ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠠᠵᠢᠯ ᠢ ᠰᠠᠶᠢᠳᠤᠷ ᠬᠢᠵᠦ᠂ ᠳᠣᠣᠷ᠎ᠠ ᠠᠭᠠᠷ ᠤᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ | ᠠᠬᠢᠭᠤᠯᠬᠤ ᠬᠡᠷᠡᠭᠲᠡᠢ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠵᠠᠭᠪᠤᠷ ᠢ | ᠰᠢᠯᠢᠳᠡᠭᠵᠢᠭᠦᠯᠵᠦ᠂ ᠣᠳᠣ ᠦᠶ᠎ᠡ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ | ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠢᠯᠢ ᠲᠡᠯᠡᠶ ᠠᠭᠠᠷ ᠤᠨ ᠰᠡᠷᠭᠡᠶᠢᠯᠡᠯᠲᠡ ᠴᠡᠷᠢᠭ ᠠᠩᠭᠢ ᠪᠠ ᠣᠷᠣᠨ ᠨᠤᠲᠤᠭ ᠤᠨ ᠣᠯᠠᠨ | ᠰᠠᠯᠠᠭ᠎ᠠ ᠮᠥᠴᠢᠷ᠂ ᠣᠯᠠᠨ ᠲᠠᠰ ᠳᠠᠪᠬᠤᠷᠭ᠎ᠠ ᠳᠤ ᠬᠤᠯᠪᠣᠭᠳᠠᠵᠤ ᠪᠠᠶᠢᠳᠠᠭ᠂ ᠨᠠᠮ ᠤᠨ ᠲᠥᠪ ᠬᠤᠷᠢᠶᠠᠨ ᠤ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠵᠤ ᠂ ᠨᠠᠮ ᠵᠠᠰᠠᠭ ᠴᠡᠷᠢᠭ ᠴᠠᠭᠳᠠᠭ᠎ᠠ ᠠᠷᠠᠳ | ᠬᠦᠴᠦ ᠪᠠᠨ ᠬᠠᠮᠲᠤᠳᠬᠠᠨ ᠬᠢᠯᠢ ᠶᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠳᠠᠪᠠᠭᠤᠯᠢᠭ ᠢ ᠪᠠᠳᠠᠷᠠᠭᠤᠯᠵᠤ᠂ | ᠬᠢᠯᠢ ᠲᠡᠯᠡᠶ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠴᠡᠷᠢᠭ ᠠᠩᠭᠢ ᠪᠠ ᠣᠷᠣᠨ ᠨᠤᠲᠤᠭ ᠤᠨ | ᠲᠥᠯᠥᠪᠯᠡᠭᠡ ᠶᠢ ᠵᠣᠯᠭᠠᠭᠤᠯᠬᠤ᠂ ᠡᠭᠦᠷᠭᠡ ᠶᠢ ᠵᠣᠯᠭᠠᠭᠤᠯᠬᠤ᠂ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠬᠦ ᠶᠢ | ᠴᠢᠩᠭᠠᠳᠬᠠᠵᠤ᠂ ᠴᠡᠷᠢᠭ ᠴᠠᠭᠳᠠᠭ᠎ᠠ ᠠᠷᠠᠳ ᠬᠤᠯᠪᠤᠭᠠᠯᠠᠨ ᠰᠡᠷᠭᠡᠶᠢᠯᠡᠵᠦ ᠵᠢᠯᠤᠭᠤᠳᠬᠤ ᠪᠠ ᠠᠵᠢᠯᠯᠠᠭᠠᠨ ᠤ | ᠬᠠᠮᠵᠢᠯᠴᠠᠭ᠎ᠠ ᠶᠢ ᠴᠢᠩᠭᠠᠳᠬᠠᠵᠤ᠂ ᠨᠢᠭᠡ ᠬᠥᠯᠭᠡ ᠰᠢᠲᠠᠷ᠎ᠠ ᠶᠢ ᠪᠦᠷᠢᠯᠳᠦᠭᠦᠯᠵᠦ᠂ ᠨᠢᠭᠲᠠᠷᠠᠨ ᠪᠦᠯᠬᠦᠮᠳᠡᠬᠦ ᠬᠡᠷᠡᠭᠲᠡᠢ᠃ | ᠴᠡᠷᠢᠭ ᠠᠩᠭᠢ ᠣᠷᠣᠨ ᠨᠤᠲᠤᠭ ᠲᠠᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠣᠯᠣᠯᠴᠠᠭ᠎ᠠ ᠵᠣᠬᠢᠴᠠᠭᠤᠯᠭ᠎ᠠ ᠪᠠᠨ | ᠰᠠᠶᠢᠳᠤᠷ ᠬᠢᠵᠦ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠣᠷᠣᠨ | ᠨᠤᠲᠤᠭ ᠤᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢᠶᠠᠨ | ᠴᠢᠩᠭᠠᠳᠬᠠᠨ᠂ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢ | ᠪᠦᠲᠦᠭᠡᠨ ᠪᠠᠶᠢᠭᠤᠯᠬᠤ ᠪᠠ ᠪᠠᠬᠢᠵᠢᠭᠦᠯᠬᠦ ᠡᠯ᠎ᠡ ᠵᠦᠢᠯ ᠤᠨ ᠡᠭᠦᠷᠭᠡ ᠶᠢ ᠲᠡᠷᠡ ᠶᠣᠰᠣᠭᠠᠷ ᠰᠠᠶᠢᠳᠤᠷ | ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠳᠡᠪᠰᠢᠭᠦᠯᠦᠭᠴᠢ᠄ ᠲᠡᠷᠭᠡᠯ | |