ᠯᠢ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ | ᠣᠳᠣᠬᠠᠨ ᠤ ᠠᠵᠤ ᠠᠬᠤᠢ ᠶᠢᠨ ᠪᠠᠶᠢᠳᠠᠯ ᠪᠠ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠢ ᠰᠠᠶᠢᠳᠤᠷ ᠬᠢᠬᠦ | ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ | ᠵᠡᠷᠭᠡ ᠠᠵᠢᠯ ᠤᠳ ᠢ ᠪᠠᠶᠢᠷᠢᠯᠠᠭᠤᠯᠪᠠ | | ᠰᠢᠨᠬᠤᠸᠠ ᠬᠤᠷᠢᠶᠠᠨ ᠤ ᠪᠡᠭᠡᠵᠢᠩ ᠤᠨ 7 ᠳ᠋ᠤᠭᠠᠷ ᠰᠠᠷ᠎ᠠ ᠶᠢᠨ 31 ᠤ ᠡᠳᠦᠷ ᠤᠨ ᠴᠠᠭᠢᠯᠭᠠᠨ ᠮᠡᠳᠡᠭᠡ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠦᠨ ᠯᠢ ᠴᠢᠶᠠᠩ 7 ᠳ᠋ᠤᠭᠠᠷ ᠰᠠᠷ᠎ᠠ ᠶᠢᠨ 31 ᠤ ᠡᠳᠦᠷ | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠭᠢᠯᠠᠨ ᠬᠤᠷᠠᠯᠳᠤᠭᠤᠯᠵᠤ᠂ ᠣᠳᠣᠬᠠᠨ ᠤ | ᠠᠵᠤ ᠠᠬᠤᠢ ᠶᠢᠨ ᠪᠠᠶᠢᠳᠠᠯ ᠪᠠ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠢ ᠰᠠᠶᠢᠳᠤᠷ ᠬᠢᠬᠦ ᠲᠤᠬᠠᠢ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠣᠷᠣᠯᠴᠠᠨ ᠲᠤᠭᠤᠰᠢᠯᠠᠭᠤᠯᠵᠤ᠂ ︽ | ᠪᠦᠭᠦᠳᠡ ᠨᠠᠶᠢᠷᠠᠮᠳᠠᠬᠤ ᠳᠣᠮᠲᠠᠲᠤ ᠠᠷᠠᠳ ᠤᠯᠤᠰ ᠤᠨ ᠬᠥᠨᠳᠡᠯᠡᠨ ᠠᠴᠠ ᠲᠠᠰᠤᠯᠬᠤ ᠬᠠᠤᠯᠢ ︵ᠵᠠᠰᠠᠪᠤᠷᠢ | ᠣᠷᠣᠭᠤᠯᠤᠭᠰᠠᠨ ᠲᠥᠰᠥᠯ︶︾ ᠪᠠ ︽ᠪᠦᠭᠦᠳᠡ ᠨᠠᠶᠢᠷᠠᠮᠳᠠᠬᠤ ᠳᠣᠮᠲᠠᠲᠤ ᠠᠷᠠᠳ ᠤᠯᠤᠰ ᠤᠨ ᠤᠯᠤᠰ ᠤᠨ | ᠴᠡᠴᠡᠷᠯᠢᠭ ᠤᠨ ᠬᠠᠤᠯᠢ ︵ᠡᠬᠡ ᠲᠥᠰᠥᠯ ︶︾ ᠶᠢ ᠶᠠᠷᠢᠯᠴᠠᠪᠠ᠃ | ᠬᠤᠷᠠᠯᠳᠤᠭᠠᠨ ᠢᠶᠠᠷ᠂ ᠦᠵᠡᠯ ᠰᠠᠨᠠᠭ᠎ᠠ ᠪᠠ ᠲᠠᠨᠢᠯᠲᠠ ᠪᠠᠨ ᠠᠵᠤ ᠠᠬᠤᠢ ᠶᠢᠨ ᠪᠠᠶᠢᠳᠠᠯ ᠤᠨ ᠲᠤᠬᠠᠢ ᠨᠠᠮ ᠤᠨ | ᠲᠥᠪ ᠬᠤᠷᠢᠶᠠᠨ ᠤ ᠰᠢᠨᠵᠢᠯᠡᠬᠦ ᠤᠬᠠᠭᠠᠨᠴᠢ ᠮᠠᠭᠠᠳᠯᠠᠯᠲᠠ ᠳᠤ ᠨᠢᠭᠡᠳᠬᠡᠵᠦ᠂ ᠢᠲᠡᠭᠡᠯ ᠪᠠᠨ ᠪᠠᠲᠤᠳᠬᠠᠵᠤ᠂ ᠡᠷᠡᠮᠡᠬᠡᠶᠢᠯᠡᠨ | ᠤᠷᠤᠭᠰᠢᠯᠠᠵᠤ᠂ ᠡᠯ᠎ᠡ ᠵᠦᠢᠯ ᠤᠨ ᠠᠵᠢᠯ ᠢᠶᠠᠨ ᠪᠣᠳᠠᠲᠠᠢ᠂ ᠭᠦᠨᠵᠡᠭᠡᠢ᠂ ᠲᠦᠢᠯᠪᠤᠷᠢᠲᠠᠢ ᠬᠢᠵᠦ᠂ ᠠᠵᠤ ᠠᠬᠤᠢ ᠶᠢᠨ | ᠦᠷᠭᠦᠯᠵᠢᠯᠡᠨ ᠰᠠᠶᠢᠵᠢᠷᠠᠬᠤ ᠪᠠᠶᠢᠳᠠᠯ ᠢ ᠴᠢᠩᠭᠠᠳᠬᠠᠵᠤ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ | ᠰᠠᠶᠢᠵᠢᠷᠠᠭᠤᠯᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠᠲᠤ ᠡᠭᠦᠷᠭᠡ ᠶᠢ ᠡᠷᠡᠰ | ᠭᠤᠶᠢᠪᠢᠰᠢ ᠦᠭᠡᠢ ᠪᠡᠶᠡᠯᠡᠭᠦᠯᠬᠦ ᠬᠡᠷᠡᠭᠲᠡᠢ᠃ ᠬᠤᠷᠸ᠎ᠠ ᠲᠦᠷᠦ ᠶᠢᠨ ᠪᠣᠳᠣᠯᠭ᠎ᠠ ᠶᠢ ᠰᠢᠯᠢᠳᠡᠭᠵᠢᠭᠦᠯᠦᠨ ᠴᠢᠩᠭᠠᠳᠬᠠᠵᠤ᠂ | ᠬᠤᠷᠸ᠎ᠠ ᠲᠣᠬᠢᠷᠠᠭᠤᠯᠭ᠎ᠠ ᠡᠵᠡᠮᠳᠡᠯ ᠤᠨ ᠡᠷᠴᠢᠮ ᠢᠶᠠᠨ ᠴᠢᠩᠭᠠᠷᠠᠭᠤᠯᠵᠤ᠂ ᠨᠡᠶᠢᠲᠡᠯᠡᠭᠰᠡᠨ ᠲᠦᠷᠦ ᠶᠢᠨ ᠪᠣᠳᠣᠯᠭ᠎ᠠ ᠶᠢ | ᠬᠡᠷᠡᠭᠵᠢᠭᠦᠯᠦᠭᠰᠡᠨ ᠪᠠᠶᠢᠳᠠᠯ ᠢ ᠦᠨᠳᠦᠰᠦᠯᠡᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠠᠬᠢᠴᠠ ᠶᠢ | ᠲᠦᠷᠭᠡᠳᠬᠡᠬᠦ ᠪᠠᠷ ᠪᠠᠷᠠᠬᠤ ᠦᠭᠡᠢ ᠨᠢᠭᠡ ᠪᠦᠯᠦᠭ ᠬᠡᠷᠡᠭᠵᠢᠭᠦᠯᠬᠦ ᠴᠢᠨᠠᠷ ᠢᠶᠠᠷ ᠴᠢᠩᠭ᠎ᠠ᠂ ᠦᠷ᠎ᠡ ᠪᠦᠲᠦᠮᠵᠢ ᠪᠠᠷ ᠰᠠᠶᠢᠨ᠂ | ᠤᠯᠠᠨ ᠲᠦᠮᠡᠨ ᠪᠠ ᠠᠵᠤ ᠠᠬᠤᠶᠢᠯᠠᠯ ᠳᠤ ᠮᠡᠳᠡᠭᠳᠡᠬᠦ᠋ᠢᠴᠡ ᠠᠰᠢᠭ ᠬᠦᠷᠲᠡᠭᠡᠬᠦ᠋ᠢᠴᠡ ᠲᠦᠷᠦ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠢᠯᠡᠭᠦᠬᠡᠨ ᠰᠤᠳᠤᠯᠤᠨ ᠲᠣᠭᠲᠠᠭᠠᠬᠤ ᠬᠡᠷᠡᠭᠲᠡᠢ᠃ ᠭᠤᠣᠯᠳᠠᠯᠭ᠎ᠠ ᠶᠢ ᠳᠤᠪᠤᠶᠢᠯᠭᠠᠨ ᠬᠦᠴᠢᠷ | ᠠᠰᠠᠭᠤᠳᠠᠯ ᠢ ᠰᠢᠢᠳᠪᠦᠷᠢᠯᠡᠵᠦ᠂ ᠰᠡᠳᠬᠢᠮᠵᠢ ᠪᠠ ᠠᠷᠭ᠎ᠠ ᠬᠢᠳᠡᠯ ᠳᠤ ᠪᠠᠨ ᠰᠢᠨ᠎ᠡ ᠶᠢ ᠡᠭᠦᠳᠴᠦ᠂ ᠡᠬᠢ ᠪᠠᠶᠠᠯᠢᠭ ᠤᠨ | ᠬᠦᠴᠦᠨ ᠢᠶᠠᠨ ᠲᠥᠪᠯᠡᠷᠡᠭᠦᠯᠦᠨ ᠰᠢᠪᠲᠤᠯᠤᠯᠲᠠ ᠭᠠᠷᠭᠠᠵᠤ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠥᠷᠭᠡᠳᠬᠡᠬᠦ | ᠂ ᠰᠢᠨ᠎ᠡ ᠪᠠᠷ ᠮᠠᠨᠳᠤᠭᠰᠠᠨ ᠠᠵᠤ ᠦᠢᠯᠡᠰ ᠪᠠ ᠢᠷᠡᠭᠡᠳᠦᠢ ᠶᠢᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ | ᠥᠨᠳᠥᠷ ᠲᠦᠪᠰᠢᠨ ᠪᠦᠬᠦᠢ ᠭᠠᠳᠠᠭᠠᠳᠤ ᠲᠠᠢ ᠴᠢᠯᠦᠭᠡᠲᠡᠢ ᠶᠠᠪᠤᠯᠴᠠᠬᠤ ᠶᠢ ᠲᠦᠯᠬᠢᠨ ᠠᠬᠢᠭᠤᠯᠬᠤ ᠵᠡᠷᠭᠡ ᠲᠠᠯ᠎ᠠ ᠪᠠᠷ ᠨᠡᠩ | ᠤᠯᠠᠨ ᠪᠣᠳᠠᠲᠠᠢ ᠰᠢᠪᠲᠤᠯᠤᠯᠲᠠ ᠲᠠᠢ ᠪᠣᠯᠭᠠᠬᠤ ᠬᠡᠷᠡᠭᠲᠡᠢ᠃ ᠤᠯᠠᠮ ᠨᠢᠭᠡ ᠠᠯᠬᠤᠮ ᠵᠢᠰᠢᠯᠲᠡ ᠶᠢ ᠲᠣᠭᠲᠠᠪᠤᠷᠢᠵᠢᠭᠤᠯᠤᠨ | ᠢᠲᠡᠭᠡᠯ ᠢᠶᠠᠨ ᠪᠠᠲᠤᠳᠬᠠᠵᠤ᠂ ᠦᠨᠡᠨ ᠪᠣᠳᠠᠲᠠᠢ ᠪᠠᠷ ᠠᠵᠢᠯᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ | ᠥᠭᠡᠷᠡᠴᠢᠯᠡᠯᠲᠡ ᠶᠢᠨ ᠠᠵᠢᠯᠯᠠᠭ᠎ᠠ ᠳᠤ ᠲᠦᠰᠢᠭᠯᠡᠨ᠂ ᠨᠠᠩ ᠣᠯᠠᠨ ᠢᠳᠡᠪᠬᠢᠲᠡᠢ ᠳᠣᠬᠢᠶ᠎ᠠ ᠲᠠᠯᠪᠢᠬᠤ ᠬᠡᠷᠡᠭᠲᠡᠢ᠃ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠲᠦᠷᠭᠡᠳᠬᠡᠨ | ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠪᠠᠷ ᠬᠥᠳᠡᠯᠭᠡᠬᠦ ᠬᠦᠴᠦᠨ ᠢᠶᠠᠨ ᠪᠣᠯᠭᠠᠵᠤ ᠪᠠᠶᠢᠭᠠᠤᠨ ᠨᠡᠮᠡᠭᠳᠡᠯ ᠢ | ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ᠂ ᠲᠦᠭᠰᠢᠭᠦᠷᠢ ᠶᠢ ᠰᠡᠷᠭᠡᠶᠢᠯᠡᠬᠦ ᠶᠢ ᠠᠬᠢᠭᠤᠯᠵᠤ᠂ ᠴᠢᠨᠠᠷ | ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯᠳᠤᠭᠠᠨ ᠢᠶᠠᠷ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠨᠳᠡᠯᠡᠨ ᠠᠴᠠ ᠲᠠᠰᠤᠯᠬᠤ | ᠬᠠᠤᠯᠢ ︵ᠵᠠᠰᠠᠪᠤᠷᠢ ᠣᠷᠣᠭᠤᠯᠤᠭᠰᠠᠨ ᠲᠥᠰᠥᠯ︶︾ ᠪᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠤᠯᠤᠰ ᠤᠨ ᠴᠡᠴᠡᠷᠯᠢᠭ ᠤᠨ ᠬᠠᠤᠯᠢ ︵ᠲᠥᠰᠥᠯ︶︾ ᠶᠢ ᠶᠠᠷᠢᠯᠴᠠᠭᠰᠠᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠵᠤ᠂ | ᠬᠤᠶᠠᠷ ᠲᠥᠰᠥᠯ ᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠳᠤ ᠳᠡᠪᠰᠢᠭᠦᠯᠵᠦ ᠬᠢᠨᠠᠨ ᠪᠠᠲᠤᠯᠠᠭᠤᠯᠬᠤ ᠪᠠᠷ ᠲᠣᠭᠲᠠᠪᠠ᠃ ᠬᠤᠷᠠᠯᠳᠤᠭᠠᠨ ᠢᠶᠠᠷ᠂ ᠠᠵᠤ ᠠᠬᠤᠢ ᠶᠢᠨ | ᠬᠥᠭᠵᠢᠯᠲᠡ ᠳᠤ ᠦᠢᠯᠡᠴᠢᠯᠡᠬᠦ ᠪᠠ ᠴᠢᠯᠦᠭᠡᠲᠡᠢ ᠶᠠᠪᠤᠯᠴᠠᠬᠤ ᠶᠢ ᠥᠷᠭᠡᠳᠬᠡᠬᠦ ᠳᠤ ᠬᠥᠨᠳᠡᠯᠡᠨ ᠠᠴᠠ ᠲᠠᠰᠤᠯᠬᠤ ᠶᠢᠨ | ᠦᠢᠯᠡᠳᠦᠯ ᠢ ᠨᠠᠩ ᠰᠠᠶᠢᠳᠤᠷ ᠪᠠᠳᠠᠷᠠᠭᠤᠯᠵᠤ᠂ ᠣᠯᠠᠨ ᠤᠯᠤᠰ ᠤᠨ ᠲᠡᠷᠢᠭᠦᠨ ᠤ ᠳᠦᠷᠢᠮ ᠯᠦᠭᠡ | ᠰᠠᠨᠠᠭᠠᠴᠢᠯᠠᠭ᠎ᠠ ᠠᠴᠠ ᠪᠠᠨ ᠬᠠᠷᠭᠤᠭᠤᠯᠤᠨ ᠪᠠᠶᠢᠴᠠᠭᠠᠵᠤ᠂ ᠮᠠᠨ ᠤ ᠤᠯᠤᠰ ᠤᠨ ᠬᠥᠨᠳᠡᠯᠡᠨ ᠠᠴᠠ ᠲᠠᠰᠤᠯᠬᠤ ᠶᠢᠨ | ᠢᠲᠡᠭᠡᠭᠦᠯᠬᠦ ᠬᠦᠴᠦᠨ ᠪᠠ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠠᠬ᠎ᠠ | ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠨᠥᠯᠥᠭᠡᠯᠡᠬᠦ ᠬᠦᠴᠦᠨ ᠪᠦᠬᠦᠢ ᠡᠵᠡᠩᠨᠡᠨ ᠬᠤᠳᠠᠯᠳᠤᠭᠠᠯᠠᠬᠤ | ᠲᠡᠷᠢᠭᠦᠨ ᠤ ᠣᠷᠴᠢᠨ ᠨᠥᠬᠦᠴᠡᠯ ᠢ ᠢᠳᠡᠪᠬᠢᠲᠡᠢ ᠪᠣᠶ ᠪᠣᠯᠭᠠᠬᠤ ᠬᠡᠷᠡᠭᠲᠡᠢ᠃ ᠤᠯᠤᠰ ᠤᠨ ᠴᠡᠴᠡᠷᠯᠢᠭ ᠤᠨ ᠬᠠᠤᠯᠢ ᠶᠢ | ᠲᠣᠭᠲᠠᠭᠠᠬᠤ ᠪᠠᠷ ᠲᠣᠬᠢᠶᠠᠯ ᠢᠶᠠᠨ ᠪᠣᠯᠭᠠᠵᠤ᠂ ᠤᠯᠤᠰ ᠤᠨ ᠴᠡᠴᠡᠷᠯᠢᠭ ᠢ ᠬᠠᠮᠠᠭᠠᠯᠠᠬᠤ ᠪᠠ ᠬᠠᠮᠢᠶᠠᠷᠬᠤ ᠬᠢᠷᠢ | ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠤᠯᠠᠨ | ᠲᠠᠯ᠎ᠠ ᠶᠢᠨ ᠣᠷᠣᠯᠴᠠᠭᠰᠠᠨ᠂ ᠨᠡᠶᠢᠭᠡᠮ ᠨᠡᠶᠢᠲᠡ ᠬᠠᠮᠲᠤ ᠳᠤ ᠪᠠᠨ ᠬᠦᠷᠲᠡᠬᠦ ᠲᠣᠭᠲᠠᠴᠠ ᠶᠢ ᠪᠠᠶᠢᠭᠤᠯᠵᠤ᠂ ᠠᠮᠢ | ᠠᠬᠤᠢ ᠶᠢ ᠬᠠᠮᠠᠭᠠᠯᠠᠬᠤ᠂ ᠪᠣᠬᠢᠷᠲᠤᠯ ᠦᠭᠡᠢ ᠪᠠᠷ ᠬᠥᠭᠵᠢᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ | ᠨᠢᠭᠡᠳᠦᠯᠲᠡᠢ ᠪᠠᠶᠢᠯᠭᠠᠬᠤ ᠶᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠪᠠ᠃ | ᠳᠡᠪᠰᠢᠭᠦᠯᠦᠭᠴᠢ᠄ ᠲᠡᠷᠭᠡᠯ | |