ᠰᠢ ᠶᠢᠨ ᠫᠢᠩ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ  ᠪᠠᠶᠢᠭᠤᠯᠭ᠎ᠠ ᠶᠢᠨ ᠨᠠᠮ ᠤᠨ  ᠪᠠᠶᠢᠭᠤᠯᠤᠯᠲᠠ ᠶᠢᠨ ᠴᠢᠨᠠᠷ  ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠠᠯ᠎ᠠ ᠪᠠᠷ ᠬᠤᠰᠢᠭᠤᠴᠢ ᠪᠣᠯᠵᠤ  ᠪᠠᠶᠢᠭᠤᠯᠭ᠎ᠠ ᠶᠢᠨ ᠨᠠᠮ ᠤᠨ  ᠪᠠᠶᠢᠭᠤᠯᠤᠯᠲᠠ ᠶᠢᠨ ᠶᠠᠰᠤ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠵᠦ ᠵᠢᠰᠢᠶᠡᠴᠢ  ᠪᠠᠶᠢᠭᠤᠯᠭ᠎ᠠ ᠶᠢ  ᠪᠠᠶᠢᠭᠤᠯᠬᠤ  ᠬᠡᠷᠡᠭᠲᠡᠢ    ᠼᠠᠢ ᠴᠢ ᠶᠠᠷᠢᠯᠴᠠᠬᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2024/8/5
      ᠰᠢ ᠶᠢᠨ ᠫᠢᠩ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ  ᠪᠠᠶᠢᠭᠤᠯᠭ᠎ᠠ ᠶᠢᠨ ᠨᠠᠮ ᠤᠨ  ᠪᠠᠶᠢᠭᠤᠯᠤᠯᠲᠠ ᠶᠢᠨ ᠴᠢᠨᠠᠷ  ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠠᠯ᠎ᠠ ᠪᠠᠷ ᠬᠤᠰᠢᠭᠤᠴᠢ ᠪᠣᠯᠵᠤ  ᠪᠠᠶᠢᠭᠤᠯᠭ᠎ᠠ ᠶᠢᠨ ᠨᠠᠮ ᠤᠨ  ᠪᠠᠶᠢᠭᠤᠯᠤᠯᠲᠠ ᠶᠢᠨ ᠶᠠᠰᠤ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠵᠦ ᠵᠢᠰᠢᠶᠡᠴᠢ  ᠪᠠᠶᠢᠭᠤᠯᠭ᠎ᠠ ᠶᠢ  ᠪᠠᠶᠢᠭᠤᠯᠬᠤ  ᠬᠡᠷᠡᠭᠲᠡᠢ    ᠼᠠᠢ ᠴᠢ ᠶᠠᠷᠢᠯᠴᠠᠬᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ          ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 31 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ  ᠤᠶᠢᠷ᠎ᠠ ᠳᠤ ᠲᠥᠪ ᠤᠨ ᠪᠠ ᠲᠥᠷᠥ ᠶᠢᠨ  ᠪᠠᠶᠢᠭᠤᠯᠭ᠎ᠠ ᠶᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ᠂  ᠪᠠᠶᠢᠭᠤᠯᠭ᠎ᠠ ᠶᠢᠨ ᠨᠠᠮ ᠤᠨ  ᠪᠠᠶᠢᠭᠤᠯᠤᠯᠲᠠ ᠶᠢᠨ ᠴᠢᠨᠠᠷ  ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠥᠭᠴᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ  ᠰᠠᠶᠢᠳᠤᠷ ᠰᠤᠷᠤᠯᠴᠠᠨ  ᠰᠠᠶᠢᠳᠤᠷ ᠲᠤᠭᠤᠰᠢᠯᠠᠭᠤᠯᠬᠤ ᠪᠣᠯ ᠣᠳᠣᠬᠠᠨ ᠤ ᠪᠠ  ᠬᠤᠶᠢᠰᠢᠲᠠ ᠶᠢᠨ ᠬᠡᠰᠡᠭ ᠬᠤᠭᠤᠴᠠᠭᠠᠨ ᠤ ᠪᠦᠭᠦ ᠨᠠᠮ ᠪᠦᠭᠦ ᠤᠯᠤᠰ ᠤᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ᠂ ᠲᠥᠪ ᠤᠨ ᠪᠠ ᠲᠥᠷᠥ ᠶᠢᠨ  ᠪᠠᠶᠢᠭᠤᠯᠭ᠎ᠠ ᠪᠣᠯ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ  ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ  ᠨᠠᠶᠢᠳᠠᠪᠤᠷᠢᠵᠢᠭᠤᠯᠬᠤ ︽ᠠᠩᠬᠠᠨ ᠤ ᠨᠢᠭᠡ ᠺᠢᠯᠣᠮᠧᠳ᠋ᠷ︾ ᠮᠥᠨ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠠᠯ᠎ᠠ ᠪᠠᠷ ᠬᠤᠰᠢᠭᠤᠴᠢ ᠪᠤᠯᠬᠤ ᠬᠡᠷᠡᠭᠲᠡᠢ ᠭᠡᠵᠦ ᠴᠢᠬᠤᠯᠠᠴᠢᠯᠠᠪᠠ᠃            ᠰᠢ ᠶᠢᠨ ᠫᠢᠩ᠂ ᠰᠢᠨ᠎ᠡ ᠴᠠᠭ ᠦᠶ᠎ᠡ ᠰᠢᠨ᠎ᠡ ᠠᠶᠠᠨ ᠳᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠪᠣᠯᠣᠨ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ  ᠭᠦᠨᠵᠡᠭᠡᠶᠢᠷᠡᠭᠦᠯᠬᠦ ᠭᠤᠣᠯ ᠰᠡᠳᠦᠪ᠂ ᠴᠢᠬᠤᠯᠠ  ᠶᠡᠭᠡ   ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ᠂ ᠦᠨᠳᠦᠰᠦᠨ ᠪᠠᠲᠤᠯᠠᠭ᠎ᠠ ᠶᠢ ᠭᠦᠨᠵᠡᠭᠡᠢ  ᠤᠶᠢᠯᠭᠠᠨ ᠡᠵᠡᠮᠰᠢᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ  ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠠᠯ᠎ᠠ ᠪᠠᠷ ᠡᠮᠦᠨ᠎ᠡ ᠬᠤᠰᠢᠭᠤᠷᠠᠵᠤ᠂ ᠵᠢᠰᠢᠶ᠎ᠡ ᠦᠵᠡᠭᠦᠯᠭᠦ ᠬᠡᠷᠡᠭᠲᠡᠢ᠃ ᠨᠠᠮ ᠤᠨ  ᠪᠠᠶᠢᠭᠤᠯᠤᠯᠲᠠ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠨᠠᠮ ᠤᠨ ᠲᠥᠪ ᠬᠤᠷᠢᠶᠠᠨ ᠤ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠥᠪ ᠤᠨ ᠪᠠ ᠲᠥᠷᠥ ᠶᠢᠨ  ᠪᠠᠶᠢᠭᠤᠯᠭ᠎ᠠ ᠶᠢᠨ ᠨᠠᠮ ᠤᠨ  ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ  ᠨᠠᠶᠢᠳᠠᠪᠤᠷᠢᠵᠢᠭᠤᠯᠤᠭᠰᠠᠨ ᠦᠢᠯᠡᠳᠦᠯᠭᠡ ᠶᠢᠨ ᠲᠤᠷᠰᠢᠯᠭ᠎ᠠ ᠶᠢ  ᠰᠠᠶᠢᠳᠤᠷ ᠳ᠋ᠦ᠋ᠩᠨᠡᠨ ᠬᠡᠷᠡᠭᠯᠡᠵᠦ᠂ ᠨᠠᠮ ᠤᠨ  ᠪᠠᠶᠢᠭᠤᠯᠤᠯᠲᠠ ᠶᠢᠨ ᠳᠦᠷᠢᠮ ᠤᠨ ᠥᠭᠡᠷᠡᠴᠢᠯᠡᠯᠲᠡ ᠶᠢ  ᠭᠦᠨᠵᠡᠭᠡᠶᠢᠷᠡᠭᠦᠯᠵᠦ᠂  ︽ᠬᠤᠶᠠᠷ ᠢ ᠬᠠᠮᠠᠭᠠᠯᠠᠬᠤ︾ ᠶᠢ ᠲᠦᠷᠦᠭᠦᠯᠡᠨ ᠪᠡᠶᠡᠯᠡᠭᠦᠯᠵᠦ᠂ ᠣᠨᠣᠯ ᠤᠨ ᠵᠡᠪᠰᠡᠭᠯᠡᠯ ᠢ ᠲᠦᠷᠦᠭᠦᠯᠡᠨ  ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠰᠠᠭᠤᠷᠢ ᠶᠢ ᠲᠦᠷᠦᠭᠦᠯᠡᠨ ᠪᠠᠬᠢᠵᠢᠭᠦᠯᠵᠦ᠂ ᠲᠦᠷᠦᠭᠦᠯᠡᠨ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠵᠦ᠂  ᠪᠠᠶᠢᠭᠤᠯᠭ᠎ᠠ ᠶᠢᠨ ᠨᠠᠮ ᠤᠨ  ᠪᠠᠶᠢᠭᠤᠯᠤᠯᠲᠠ ᠶᠢᠨ ᠶᠠᠰᠤ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠨᠢᠭᠡᠳᠦᠭᠡᠷ ᠡᠩᠨᠡᠭᠡ ᠳᠤ  ᠰᠠᠶᠢᠳᠤᠷ ᠶᠠᠪᠤᠵᠤ᠂ ︽ᠭᠤᠷᠪᠠᠨ  ᠥᠯᠢᠭᠡᠷ  ᠳᠠᠭᠤᠷᠢᠶᠠᠯ︾ ᠪᠣᠯᠵᠤ᠂ ᠵᠢᠰᠢᠶᠡᠴᠢ  ᠪᠠᠶᠢᠭᠤᠯᠭ᠎ᠠ ᠶᠢ  ᠪᠠᠶᠢᠭᠤᠯᠬᠤ ᠬᠡᠷᠡᠭᠲᠡᠢ᠃ ᠲᠥᠪ ᠤᠨ ᠪᠠ ᠲᠥᠷᠥ ᠶᠢᠨ  ᠪᠠᠶᠢᠭᠤᠯᠭ᠎ᠠ ᠶᠢᠨ ᠠᠵᠢᠯ ᠤᠨ ᠬᠤᠷᠢᠶ᠎ᠠ ᠡᠭᠦᠷᠭᠡ ᠬᠠᠷᠢᠭᠤᠴᠠᠯᠭ᠎ᠠ ᠪᠠᠨ ᠨᠠᠩ  ᠰᠠᠶᠢᠳᠤᠷ ᠭᠦᠢᠴᠡᠳᠬᠡᠵᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂   ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠴᠢᠨᠠᠷ  ᠰᠠᠶᠢᠲᠠᠢ ᠨᠠᠮ ᠤᠨ  ᠪᠠᠶᠢᠭᠤᠯᠤᠯᠲᠠ ᠪᠠᠷ ᠴᠢᠨᠠᠷ  ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠ ᠰᠢᠨ᠎ᠡ ᠬᠠᠷᠢᠭᠤᠴᠠᠯᠭ᠎ᠠ ᠡᠭᠦᠷᠭᠡᠯᠡᠯ ᠰᠢᠨ᠎ᠡ ᠵᠢᠳᠬᠦᠯ  ᠴᠢᠷᠮᠠᠶᠢᠯᠭ᠎ᠠ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ᠃            ᠲᠥᠪ ᠤᠨ ᠪᠠ ᠲᠥᠷᠥ ᠶᠢᠨ  ᠪᠠᠶᠢᠭᠤᠯᠭ᠎ᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂  ᠪᠠᠶᠢᠭᠤᠯᠭ᠎ᠠ ᠶᠢᠨ ᠨᠠᠮ ᠤᠨ  ᠪᠠᠶᠢᠭᠤᠯᠤᠯᠲᠠ ᠶᠢᠨ ᠴᠢᠨᠠᠷ  ᠰᠠᠶᠢᠲᠠᠢ ᠬᠥᠭᠵᠢᠯᠲᠡ ᠶᠢ ᠠᠬᠢᠭᠤᠯᠬᠤ ᠶᠠᠷᠢᠯᠴᠠᠬᠤ ᠬᠤᠷᠠᠯ 31 ᠤ ᠡᠳᠦᠷ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ  ᠪᠠᠶᠢᠩᠭᠤ ᠶᠢᠨ ᠭᠡᠰᠢᠭᠦᠨ᠂ ᠲᠥᠪ ᠤᠨ ᠪᠠ ᠲᠦᠷᠦ ᠶᠢᠨ  ᠪᠠᠶᠢᠭᠤᠯᠭ᠎ᠠ ᠶᠢᠨ ᠠᠵᠢᠯ ᠤᠨ ᠬᠤᠷᠢᠶᠠᠨ ᠤ ᠱᠦᠵᠢ ᠼᠠᠢ ᠴᠢ ᠬᠤᠷᠠᠯ ᠳᠤ ᠣᠷᠣᠯᠴᠠᠵᠤ᠂ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠭᠰᠠᠨ ᠪᠥᠭᠡᠳ ᠶᠠᠷᠢᠶ᠎ᠠ ᠲᠠᠯᠪᠢᠪᠠ᠃            ᠼᠠᠢ ᠴᠢ᠂ ᠲᠥᠪ ᠤᠨ ᠪᠠ ᠲᠥᠷᠥ ᠶᠢᠨ  ᠪᠠᠶᠢᠭᠤᠯᠭ᠎ᠠ ᠶᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠢᠭᠡ ᠴᠣᠭᠴᠠ ᠪᠠᠷ  ᠰᠠᠶᠢᠳᠤᠷ ᠰᠤᠷᠤᠯᠴᠠᠨ ᠲᠤᠭᠤᠰᠢᠯᠠᠭᠤᠯᠵᠤ᠂ ᠭᠤᠷᠪᠠᠳᠤᠭᠠᠷ ᠪᠦᠭᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ  ᠭᠦᠨᠵᠡᠭᠡᠶᠢᠷᠡᠭᠦᠯᠬᠦ ᠲᠤᠬᠠᠢ ᠠᠯᠢ ᠣᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠭᠦᠨᠵᠡᠭᠡᠢ  ᠤᠶᠢᠯᠭᠠᠵᠤ᠂ ᠭᠤᠷᠪᠠᠳᠤᠭᠠᠷ ᠪᠦᠭᠦᠳᠡ ᠬᠤᠷᠠᠯ ᠤᠨ ︽ᠲᠣᠭᠲᠠᠭᠠᠯ︾ ᠤᠨ ᠪᠠᠶᠠᠯᠢᠭ ᠠᠭᠤᠯᠤᠭᠳᠠᠬᠤᠨ ᠢ ᠭᠦᠨᠵᠡᠭᠡᠢ ᠡᠵᠡᠮᠰᠢᠵᠦ᠂ ᠦᠵᠡᠯ ᠰᠠᠨᠠᠭ᠎ᠠ ᠪᠣᠯᠣᠨ  ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ  ᠪᠠᠶᠢᠷᠢᠯᠠᠭᠤᠯᠤᠯᠲᠠ ᠳᠡᠭᠡᠷ᠎ᠡ ᠦᠨᠡᠨ ᠬᠦ᠋ ᠨᠢᠭᠡᠳᠬᠡᠬᠦ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠥᠭᠡᠷᠡᠴᠢᠯᠡᠯᠲᠡ ᠶᠢᠨ  ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠰᠢᠨᠵᠢᠯᠡᠬᠦ ᠤᠬᠠᠭᠠᠨᠴᠢ ᠠᠷᠭ᠎ᠠ ᠶᠢ ᠪᠠᠷᠢᠮᠲᠠᠯᠠᠵᠤ᠂ ᠡᠯ᠎ᠡ ᠱᠠᠲᠤᠨ ᠤ ᠨᠠᠮ ᠤᠨ ᠵᠣᠬᠢᠶᠠᠨ  ᠪᠠᠶᠢᠭᠤᠯᠤᠯᠲᠠ ᠪᠣᠯᠣᠨ ᠨᠠᠮ ᠤᠨ ᠭᠡᠰᠢᠭᠦᠨ᠂ ᠺᠠᠳ᠋ᠷ ᠤᠨ ᠥᠭᠡᠷᠡᠴᠢᠯᠡᠯᠲᠡ ᠶᠢ ᠠᠳᠬᠤᠬᠤ᠂ ᠬᠥᠭᠵᠢᠯᠲᠡ ᠶᠢ ᠠᠬᠢᠭᠤᠯᠬᠤ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ ᠭᠦᠢᠴᠡᠳ  ᠳᠠᠶᠢᠴᠢᠯᠠᠵᠤ᠂ ᠴᠢᠩᠭ᠎ᠠ ᠬᠠᠷᠢᠭᠤᠴᠠᠯᠭ᠎ᠠ ᠡᠭᠦᠷᠭᠡᠯᠡᠯ ᠢᠶᠠᠷ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ  ᠰᠠᠶᠢᠳᠤᠷ ᠲᠤᠭᠤᠰᠢᠯᠠᠭᠤᠯᠤᠨ  ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃            ᠼᠠᠢ ᠴᠢ  ᠤᠶᠢᠷ᠎ᠠ ᠶᠢᠨ ᠵᠢᠯ ᠤᠨ ᠲᠤᠷᠰᠢ ᠡᠯ᠎ᠡ ᠰᠠᠯᠠᠭ᠎ᠠ ᠮᠥᠴᠢᠷ ᠤᠨ ᠶᠡᠷᠦᠩᠬᠡᠢ ᠱᠦᠵᠢ ᠰᠢ ᠶᠢᠨ ᠫᠢᠩ ᠤᠨ  ᠪᠠᠶᠢᠭᠤᠯᠭ᠎ᠠ ᠶᠢᠨ ᠨᠠᠮ ᠤᠨ  ᠪᠠᠶᠢᠭᠤᠯᠤᠯᠲᠠ ᠶᠢᠨ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠭᠰᠠᠨ ᠠᠷᠭ᠎ᠠ ᠬᠢᠳᠡᠯ ᠪᠣᠯᠣᠨ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ᠲᠥᠪ ᠤᠨ ᠪᠠ ᠲᠦᠷᠦ ᠶᠢᠨ  ᠪᠠᠶᠢᠭᠤᠯᠭ᠎ᠠ ᠶᠢᠨ ᠡᠯ᠎ᠡ ᠱᠠᠲᠤᠨ ᠤ ᠨᠠᠮ ᠤᠨ ᠵᠣᠬᠢᠶᠠᠨ  ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠤᠯᠤᠰ ᠲᠦᠷᠦ ᠶᠢᠨ ᠦᠨᠡᠨᠴᠢ ᠰᠢᠳᠤᠷᠭᠤ ᠪᠠᠨ ᠴᠢᠩᠭᠠᠳᠬᠠᠵᠤ᠂ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ  ᠤᠶᠢᠯᠭᠠᠵᠤ᠂ ᠲᠠᠰᠤᠷᠠᠯᠳᠠ ᠦᠭᠡᠢ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾  ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠨᠢᠭᠡᠳᠦᠭᠡᠷ ᠵᠢᠭᠰᠠᠭᠠᠯ ᠢ ᠴᠢᠩᠭᠠᠳᠬᠠᠬᠤ ᠬᠡᠷᠡᠭᠲᠡᠢ᠃ ᠲᠤᠰᠢᠶᠠᠯ ᠬᠠᠷᠢᠭᠤᠴᠠᠯᠭ᠎ᠠ ᠶᠢᠨ  ᠪᠠᠶᠢᠷᠢ ᠲᠣᠭᠲᠠᠭᠠᠯᠲᠠ ᠲᠠᠢ  ᠨᠢᠭᠲᠠ ᠤᠶᠠᠯᠳᠤᠭᠤᠯᠤᠨ᠂ ᠣᠨᠣᠯ ᠢᠶᠠᠷ ᠵᠡᠪᠰᠡᠭᠯᠡᠬᠦ ᠶᠢ  ᠭᠦᠨᠵᠡᠭᠡᠶᠢᠷᠡᠭᠦᠯᠵᠦ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ ᠂ ᠰᠤᠷᠤᠯᠴᠠᠯᠭ᠎ᠠ ᠪᠠᠷ ᠣᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠤᠯᠭᠠᠬᠤ᠂ ᠰᠤᠷᠤᠯᠴᠠᠯᠭ᠎ᠠ ᠪᠠᠷ ᠠᠵᠢᠯ ᠢ ᠠᠬᠢᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠵᠦ᠂ ᠵᠠᠯᠠᠭᠤ ᠺᠠᠳ᠋ᠷᠴᠤᠳ ᠢ ᠬᠥᠮᠥᠵᠢᠭᠦᠯᠦᠨ ᠬᠥᠲᠥᠯᠥᠨ ᠳᠠᠭᠠᠭᠤᠯᠬᠤ ᠪᠠᠨ ᠴᠢᠩᠭᠠᠳᠬᠠᠬᠤ ᠭᠡᠷᠡᠭᠲᠡᠶ︔ ᠳᠤᠲᠠᠭᠤᠳᠠᠯ ᠢ ᠨᠥᠬᠦᠪᠦᠷᠢᠯᠡᠬᠦ᠂ ᠪᠠᠭᠤᠷᠠᠢ ᠲᠠᠯ᠎ᠠ ᠶᠢ ᠬᠦᠴᠦᠷᠬᠡᠭᠵᠢᠭᠦᠯᠬᠦ ᠪᠠ ᠶᠠᠰᠤ ᠴᠢᠨᠠᠷ ᠢ ᠳᠡᠭᠡᠭᠰᠢᠯᠡᠭᠦᠯᠭᠦ᠂ ᠴᠢᠳᠠᠮᠵᠢ ᠶᠢ ᠴᠢᠩᠭᠠᠳᠬᠠᠬᠤ ᠶᠢ ᠵᠡᠷᠭᠡ ᠪᠠᠷ ᠠᠳᠬᠤᠬᠤ ᠶᠢ   ᠪᠠᠷᠢᠮᠲᠠᠯᠠᠵᠤ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠬᠦ ᠭᠡᠷᠡᠭᠲᠡᠢ︔ ᠦᠷᠭᠦᠯᠵᠢᠯᠡᠨ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠨ ᠢᠯᠵᠠᠷᠠᠯ ᠢ ᠡᠰᠡᠷᠭᠦᠴᠡᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ  ᠰᠡᠷᠭᠡᠶᠢᠯᠡᠨ ᠵᠠᠰᠠᠬᠤ  ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠂  ᠪᠠᠶᠢᠩᠭᠤ ᠶᠢᠨ ᠴᠢᠨᠠᠷ ᠪᠠ ᠲᠥᠪᠯᠡᠷᠡᠩᠭᠦᠢ ᠴᠢᠨᠠᠷ ᠢ ᠤᠶᠠᠯᠳᠤᠭᠤᠯᠤᠭᠰᠠᠨ ᠰᠠᠬᠢᠯᠭ᠎ᠠ ᠪᠠᠲᠤ ᠶᠢᠨ ᠬᠥᠮᠦᠵᠢᠯ ᠤᠨ ᠲᠣᠭᠲᠠᠴᠠ ᠶᠢ  ᠪᠠᠶᠢᠭᠤᠯᠬᠤ ᠭᠡᠷᠡᠭᠲᠡᠢ︔  ᠪᠠᠶᠢᠭᠤᠯᠭ᠎ᠠ ᠶᠢᠨ ᠨᠠᠮ ᠤᠨ  ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠴᠢᠩᠭ᠎ᠠ  ᠨᠠᠶᠢᠳᠠᠪᠤᠷᠢᠵᠢᠭᠤᠯᠵᠤ᠂ ᠳᠦᠷᠢᠮ ᠤᠨ ᠬᠠᠲᠠᠭᠤ ᠬᠢᠵᠠᠭᠠᠷᠯᠠᠯ ᠢ ᠤᠯᠠᠮ ᠨᠢᠭᠡ ᠠᠯᠬᠤᠮ ᠴᠢᠩᠭᠠᠳᠬᠠᠵᠤ᠂ ᠨᠠᠮ ᠤᠨ  ᠪᠠᠶᠢᠭᠤᠯᠤᠯᠲᠠ ᠶᠢᠨ  ᠪᠠᠶᠢᠭᠤᠯᠤᠯ ᠤᠨ ᠥᠭᠡᠷᠡᠴᠢᠯᠡᠯᠲᠡ ᠶᠢ ᠭ᠊ ᠭᠦᠨᠵᠡᠭᠡᠶᠢᠷᠡᠭᠦᠯᠬᠦ ᠪᠠᠷ  ᠪᠠᠶᠢᠭᠤᠯᠭ᠎ᠠ ᠶᠢᠨ ᠨᠠᠮ ᠤᠨ  ᠪᠠᠶᠢᠭᠤᠯᠤᠯᠲᠠ ᠶᠢᠨ ᠴᠢᠨᠠᠷ  ᠰᠠᠶᠢᠲᠠᠢ ᠬᠥᠭᠵᠢᠯᠲᠡ ᠶᠢ ᠠᠬᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ  ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃            ᠲᠥᠪ ᠤᠨ ᠰᠠᠬᠢᠯᠭ᠎ᠠ ᠪᠠᠲᠤ  ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ  ᠪᠠᠶᠢᠴᠠᠭᠠᠬᠤ ᠵᠥᠪᠯᠡᠯ ᠤᠨ  ᠪᠠᠶᠢᠭᠤᠯᠭ᠎ᠠ ᠲᠥᠪ ᠤᠨ ᠭᠠᠳᠠᠭᠠᠳᠤ ᠲᠠᠢ ᠬᠤᠯᠪᠤᠭ᠎ᠠ ᠠᠪᠬᠤ ᠬᠡᠯᠲᠡᠰ᠂ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃            ᠵᠢᠶᠠᠩ ᠰᠢᠨ ᡁᠢ ᠬᠤᠷᠠᠯ ᠳᠤ ᠣᠷᠣᠯᠴᠠᠪᠠ᠃            ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ  ᠳᠤᠭᠤᠶᠢᠯᠠᠩ ︵ᠨᠠᠮ ᠤᠨ ᠬᠤᠷᠢᠶ᠎ᠠ︶ ᠤᠨ ᠱᠦᠵᠢ᠂ ᠲᠥᠪ ᠤᠨ ᠪᠠ ᠲᠦᠷᠦ ᠶᠢᠨ  ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠤᠨ  ᠪᠠᠶᠢᠭᠤᠯᠭ᠎ᠠ ᠶᠢᠨ ᠨᠠᠮ ᠤᠨ ᠬᠤᠷᠢᠶᠠᠨ ᠤ ᠱᠦᠵᠢ᠂  ᠪᠠᠶᠢᠩᠭᠤ ᠶᠢᠨ ᠳᠡᠳ᠋ ᠱᠦᠵᠢ᠂ ᠲᠥᠪ ᠤᠨ ᠪᠠ ᠲᠦᠷᠦ ᠶᠢᠨ  ᠪᠠᠶᠢᠭᠤᠯᠭ᠎ᠠ ᠶᠢᠨ ᠠᠵᠢᠯ ᠤᠨ ᠬᠤᠷᠢᠶᠠᠨ ᠤ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ᠳᠡᠪᠰᠢᠭᠦᠯᠦᠭᠴᠢ᠄  ᠲᠡᠷᠭᠡᠯ 
 
ᠢᠷᠡᠯᠲᠡ᠄ ᠦᠪᠦᠷ ᠮᠤᠩᠭᠤᠯ  ᠤᠨ ᠵᠠᠰᠠᠭ  ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2