ᠬᠤᠣᠰ ᠪᠠᠶᠠᠷ ᠤᠢᠷᠠᠳᠬᠤ ᠳᠠᠰᠢᠷᠠᠮ  ᠳᠤ  ᠮᠠᠨ ᠤ ᠬᠤᠰᠢᠭᠤᠨ ᠤ ᠮᠢᠬᠠᠨ ᠤ ᠭᠠᠷᠤᠯᠲᠠ  ᠪᠠᠷᠠᠭ᠎ᠠ ᠡᠯᠪᠡᠭ ᠦᠨ᠎ᠡ ᠲᠣᠭᠲᠠᠭᠤᠨ ᠪᠠᠶᠢᠭ᠎ᠠ
ᠨᠡᠶᠢᠲᠡᠯᠡᠭᠰᠡᠨ ᠴᠠᠭ᠄
2024/9/13
      ᠬᠤᠣᠰ ᠪᠠᠶᠠᠷ ᠤᠢᠷᠠᠳᠬᠤ ᠳᠠᠰᠢᠷᠠᠮ  ᠳᠤ   ᠮᠠᠨ ᠤ ᠬᠤᠰᠢᠭᠤᠨ ᠤ ᠮᠢᠬᠠᠨ ᠤ ᠭᠠᠷᠤᠯᠲᠠ  ᠪᠠᠷᠠᠭ᠎ᠠ ᠡᠯᠪᠡᠭ ᠦᠨ᠎ᠡ ᠲᠣᠭᠲᠠᠭᠤᠨ ᠪᠠᠶᠢᠭ᠎ᠠ            ᠨᠠᠢᠮᠠᠨ ᠰᠠᠷ᠎ᠠ ᠶᠢᠨ ᠠᠷᠪᠠᠨ ᠳᠠᠪᠣᠨ ᠤ ᠲᠡᠷᠭᠡᠯ ᠰᠠᠷᠠᠨ ᠤ  ᠪᠠᠶᠠᠷ ᠪᠣᠯᠤᠨ ᠤᠯᠤᠰ ᠤᠨ ᠪᠠᠶᠠᠷ ᠣᠶᠢᠷᠠᠳᠬᠤ ᠲᠠᠰᠢᠷᠠᠮ ᠢᠶᠠᠷ᠂ ᠮᠠᠨ ᠤ ᠬᠤᠰᠢᠭᠤᠨ ᠤ ᠦᠬᠡᠷ ᠬᠤᠨᠢᠨ ᠮᠢᠬ᠎ᠠ᠂ ᠬᠤᠨᠢᠨ ᠭᠡᠳᠡᠰᠦ ᠳᠣᠲᠣᠷ ᠤᠨ ᠵᠠᠬ᠎ᠠ ᠳᠡᠯᠭᠡᠭᠦᠷ ᠪᠣᠷᠣᠯᠠᠭᠤᠯᠭ᠎ᠠ ᠰᠠᠶᠢᠲᠠᠢ ᠤᠯᠠᠷᠢᠯ ᠢᠶᠠᠨ ᠤᠭᠲᠤᠨ ᠠᠪᠴᠢᠷᠠᠵᠤ᠂ ᠡᠯ᠎ᠡ ᠦᠢᠯᠡᠳᠬᠦᠨ ᠤ ᠪᠣᠷᠣᠯᠠᠭᠤᠯᠭ᠎ᠠ ᠶᠢᠨ ᠴᠢᠬ ᠲᠤ ᠪᠠᠷᠠᠭ᠎ᠠ ᠡᠯᠪᠡᠭ ᠂ ᠣᠯᠠᠨ ᠵᠦᠢᠯ ᠤᠨ ᠪᠣᠷᠣᠯᠠᠭᠤᠯᠭ᠎ᠠ ᠶᠢᠨ ᠠᠷᠭ᠎ᠠ ᠬᠡᠮᠵᠢᠶ᠎ᠡ  ᠪᠠᠷ ᠬᠤᠳᠠᠯᠳᠤᠨ ᠠᠪᠬᠤ ᠪᠠ ᠪᠣᠷᠣᠯᠠᠭᠤᠯᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠭᠦᠢᠴᠡᠳ ᠬᠠᠩᠭᠠᠬᠤ ᠪᠣᠯᠤᠨ᠎ᠠ᠃       ᠣᠶᠢᠷ᠎ᠠ ᠳᠤ᠂ ᠰᠤᠷᠪᠤᠯᠵᠢᠯᠠᠭᠴᠢ ᠳᠥᠷᠪᠡᠳ ᠬᠤᠰᠢᠭᠤᠨ ᠤ ᠤᠯᠠᠭᠠᠨᠬᠤᠸᠠ ᠪᠠᠯᠭᠠᠰᠤᠨ ᠤ ᠶᠠᠩ ᠵᠢᠶᠧ ᠮᠢᠬᠠᠨ ᠤ ᠫᠦᠰᠡᠨ ᠳᠤ ᠬᠦᠷᠬᠣ᠋ ᠳᠤ ᠰᠢᠨ᠎ᠡ ᠰᠣᠷᠭᠤᠭ ᠦᠬᠡᠷ ᠬᠤᠨᠢᠨ ᠮᠢᠬ᠎ᠠ ᠪᠠᠷᠠᠭᠠᠨ ᠤ ᠲᠠᠯᠪᠢᠭᠤᠷ ᠲᠤ ᠡᠯᠭᠦᠭᠡᠰᠦᠳᠡᠢ ᠰᠢᠨ᠎ᠡ ᠰᠣᠷᠭᠤᠭ᠂ ᠦᠨ᠎ᠡ ᠬᠠᠩᠰᠢ ᠨᠢ ᠵᠣᠬᠢᠰᠲᠠᠢ  ᠪᠠᠶᠢᠪᠠ᠃ᠳᠡᠯᠭᠡᠭᠦᠷ ᠨᠢ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠠᠷᠢᠭᠤᠳᠬᠠᠨ ᠴᠡᠪᠡᠷᠯᠡᠵᠦ᠂  ᠠᠷᠢᠭᠤᠨ ᠴᠡᠪᠡᠷ ᠪᠠᠶᠢᠬᠤ ᠶᠢ  ᠪᠠᠷᠢᠮᠳᠠᠯᠠᠨ᠂ ᠥᠷᠭᠡᠨ ᠣᠯᠠᠨ ᠬᠡᠷᠡᠭᠯᠡᠭᠴᠢᠳ ᠤᠨ 《 ᠢᠳᠡᠭᠡᠨ ᠤᠮᠳᠠᠭᠠᠨ ᠤ ᠠᠮᠤᠷ ᠲᠦᠪᠰᠢᠨ 》 ᠢ ᠪᠦᠲᠦᠮᠵᠢᠲᠡᠢ ᠪᠠᠲᠤᠯᠠᠨ᠎ᠠ᠃ ᠮᠢᠬᠠᠨ ᠫᠦᠰᠡ ᠶᠢᠨ ᠡᠵᠡᠨᠲᠡᠨ ᠶᠠᠩ ᠵᠢᠶᠧ ᠶᠢᠨ ᠲᠠᠨᠢᠯᠴᠠᠭᠤᠯᠤᠭᠰᠠᠨ ᠢᠶᠠᠷ᠂ ᠲᠡᠳᠡ ᠦᠬᠡᠷ ᠬᠤᠨᠢᠨ ᠴᠢᠬᠢᠨ ᠤ ᠲᠡᠮᠳᠡᠭ᠂ ᠡᠷᠡᠭᠦᠯ ᠮᠡᠨᠳᠦ ᠶᠢᠨ ᠪᠠᠶᠢᠳᠠᠯ ᠳᠤ ᠬᠠᠮᠤᠭ ᠤᠨ ᠴᠢᠩᠭ᠎ᠠ ᠬᠢᠨᠠᠨ ᠬᠡᠮᠵᠢᠯᠲᠡ ᠬᠢᠬᠦ ᠶᠢᠨ ᠬᠠᠮᠲᠤ ᠬᠢᠵᠢᠭ ᠤᠨ ᠪᠠᠶᠢᠴᠠᠭᠠᠯᠲᠠ ᠬᠢᠭᠰᠡᠨ ᠭᠡᠷᠡᠴᠢ ᠲᠠᠢ ᠠᠳᠠᠯᠢᠳᠬᠠᠵᠤ ᠪᠠᠶᠢᠭᠠᠳ ᠪᠣᠷᠣᠯᠠᠭᠤᠯᠤᠨ᠎ᠠ᠂ ᠦᠬᠡᠷ ᠬᠤᠨᠢᠨ ᠮᠢᠬ᠎ᠠ ᠶᠢᠨ ᠢᠳᠡᠭᠡᠨ ᠤ ᠬᠠᠷᠢᠴᠠᠯᠠᠰᠢ ᠦᠭᠡᠢ ᠠᠮᠤᠷ ᠲᠦᠪᠰᠢᠨ ᠢ ᠪᠠᠲᠤᠯᠠᠬᠤ ᠪᠣᠯᠤᠨ᠎ᠠ ᠭᠡᠵᠡᠢ᠃ ᠤᠯᠠᠭᠠᠨᠬᠤᠸᠠ ᠪᠠᠯᠭᠠᠰᠤᠨ ᠤ  ᠳ᠋ᠦ᠋ᠩ ᠯᠢᠶᠠᠩ ᠬᠤᠨᠢᠨ ᠤ  ᠳᠠᠪᠤᠨ ᠴᠤᠯᠤ ᠶᠢᠨ ᠱᠦᠯᠦ` ᠪᠤᠷᠤᠯᠠᠭᠤᠯᠬᠤ ᠵᠡᠭᠡᠯᠢ ᠳᠤ᠂ ᠡᠯ᠎ᠡ ᠠᠷᠰᠠᠷ ᠬᠤᠳᠠᠯᠳᠤᠭ᠎ᠠ ᠶᠢᠨ ᠳᠡᠯᠭᠡᠭᠦᠷ ᠴᠦ ᠶᠠᠭᠠᠷᠠᠯᠲᠠᠢ ᠠᠵᠢᠯᠯᠠᠭᠰᠠᠭᠠᠷ ᠢᠷᠡᠭᠰᠡᠨ ᠵᠣᠴᠢᠨ  ᠡᠶᠡᠨ ᠤᠭᠲᠤᠨ᠎ᠠ᠂ ᠲᠣᠭᠤᠭᠠᠨ ᠭᠡᠷ ᠤᠨ ᠬᠢᠨ ᠬᠤᠨᠢᠨ ᠤ ᠳᠠᠪᠤᠨ ᠴᠤᠯᠤ ᠶᠢᠨ ᠱᠦᠯᠦ`  ᠴᠢᠨᠠᠵᠤ᠂ ᠪᠡᠯᠡᠭ ᠬᠦᠷᠭᠡᠬᠦ ᠬᠠᠶᠢᠷᠴᠠᠭ  ᠪᠡᠯᠡᠳᠬᠡᠨ᠂ ᠪᠠᠷᠠᠭ᠎ᠠ ᠢᠯᠡᠭᠡᠨ ᠶᠠᠭᠠᠷᠠᠯᠳᠤᠨ᠎ᠠ᠃ᠶᠦᠨ ᠱᠤᠸᠠᠨ ᠬᠤᠨᠢᠨ ᠤ ᠳᠠᠪᠤᠨ ᠴᠤᠯᠤ ᠶᠢᠨ ᠱᠦᠯᠦ` ᠤᠨ  ᠡᠵᠡᠨᠳᠡᠨ ᠬᠡᠯᠡᠬᠦ ᠳᠡᠭᠡᠨ᠂ ᠬᠤᠰᠢᠭᠤᠨ ᠠᠴᠠ ᠡᠷᠬᠢᠯᠡᠭᠰᠡᠨ ᠬᠤᠨᠢᠨ ᠢᠬᠢᠷ ᠰᠢᠬᠢᠷ ᠢᠳᠡᠭᠡᠨ ᠤ ᠨᠠᠶᠢᠷ ᠠᠴᠠ ᠨᠡᠰᠢ᠂ ᠲᠡᠷᠡ 《 ᠭᠤᠷᠪᠠᠨ ᠳᠠᠬᠢᠨ ᠢᠶᠠᠷ ᠨᠡᠮᠡᠭᠳᠡᠬᠦ 》 ᠦᠰᠦᠷᠦᠯᠲᠡ ᠶᠢᠨ ᠬᠡᠯᠪᠡᠷᠢ ᠶᠢᠨ ᠨᠡᠮᠡᠭᠳᠡᠯ ᠢ ᠪᠡᠶ᠎ᠡ ᠪᠠᠷ ᠢᠶᠠᠨ ᠪᠡᠶᠡᠴᠢᠯᠡᠨ ᠣᠶᠢᠯᠠᠭᠠᠵᠤ᠂ ᠨᠢᠳᠤᠨᠤᠨ ᠤ ᠠᠳᠠᠯᠢ ᠬᠤᠭᠤᠴᠠᠭ᠎ᠠ ᠲᠠᠢ ᠬᠠᠷᠢᠴᠠᠭᠤᠯᠪᠠᠯ᠂ ᠬᠥᠮᠦᠨ ᠤ ᠤᠷᠤᠰᠬᠠᠯ ᠤᠨ ᠬᠡᠪᠴᠢᠶ᠎ᠡ᠂ ᠢᠳᠡᠭᠡᠨ ᠤ ᠵᠦᠢᠯ ᠤᠨ ᠬᠤᠳᠠᠯᠳᠤᠨ ᠠᠪᠬᠤ ᠬᠡᠮᠵᠢᠶ᠎ᠡ᠂ ᠪᠦᠬᠦᠯᠢ ᠴᠣᠭᠴᠠ ᠶᠢᠨ ᠪᠣᠷᠣᠯᠠᠭᠤᠯᠭ᠎ᠠ ᠶᠢᠨ ᠬᠡᠮᠵᠢᠶ᠎ᠡ ᠪᠦᠷ ᠳᠠᠬᠢᠨ ᠢᠶᠠᠷ ᠨᠡᠮᠡᠭᠳᠡᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠨᠡᠯᠢᠶᠡᠳ ᠶᠡᠭᠡ ᠪᠠᠶᠢᠨ᠎ᠠ  ᠭᠡᠵᠡᠢ᠃        ᠳᠥᠷᠪᠡᠳ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠᠶᠠᠷ ᠤᠨ ᠡᠳᠦᠷ ᠤᠨ ᠬᠡᠷᠡᠭᠯᠡᠭᠡ ᠶᠢᠨ ᠣᠨᠴᠠᠯᠢᠭ ᠵᠢᠴᠢ ᠬᠠᠷᠢᠶᠠᠲᠤ ᠣᠷᠣᠨ ᠤ ᠬᠢᠨᠠᠨ ᠬᠠᠮᠢᠶᠠᠷᠤᠯᠲᠠ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ᠪᠠᠶᠠᠷ ᠤᠨ ᠡᠳᠦᠷ ᠤᠨ ᠢᠳᠡᠭᠡᠨ ᠤ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠶᠢ ᠢᠳᠡᠪᠬᠢᠲᠡᠢ ᠥᠷᠨᠢᠭᠦᠯᠵᠦ᠂ ᠢᠳᠡᠭᠡᠨ ᠤ ᠵᠦᠢᠯᠡᠰ ᠤᠨ ᠲᠥᠪᠯᠡᠷᠡᠭᠦᠯᠦᠨ ᠠᠷᠠᠯᠵᠢᠶᠠᠯᠠᠬᠤ ᠵᠠᠬ᠎ᠠ ᠳᠡᠯᠭᠡᠭᠦᠷ᠂ ᠦᠬᠡᠷ ᠬᠤᠨᠢᠨ ᠮᠢᠬ᠎ᠠ ᠪᠣᠷᠣᠯᠠᠭᠤᠯᠤᠨ ᠬᠤᠳᠠᠯᠳᠤᠬᠤ ᠭᠤᠣᠯᠳᠠᠯᠭ᠎ᠠ ᠲᠠᠢ ᠲᠠᠯᠠᠪᠤᠷ ᠤᠨ ᠲᠣᠭᠤᠷᠢᠨ ᠳᠤ ᠬᠢᠨᠠᠯᠲᠠ ᠪᠠᠶᠢᠴᠠᠭᠠᠯᠲᠠ ᠶᠢ ᠥᠷᠨᠢᠭᠦᠯᠵᠦ᠂ ᠢᠳᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠵᠤ ᠂ ᠪᠠᠶᠠᠷ ᠳᠤᠷᠠᠰᠬᠠᠯ ᠤᠨ ᠡᠳᠦᠷ ᠤᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠲᠣᠭᠲᠠᠭᠤᠨ ᠡᠮᠬᠢ ᠳᠢᠭᠯᠢᠮ ᠲᠠᠢ ᠶᠠᠪᠤᠭᠳᠠᠬᠤ ᠶᠢ ᠦᠨᠡᠨᠬᠦ ᠪᠠᠲᠤᠯᠠᠨ᠎ᠠ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄   ᠲᠠᠨ᠎ᠠ     ᠬᠦᠰᠡᠯᠡᠩ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2