ᠪᠠᠶᠢᠰᠢᠩ ᠲᠣᠭᠤᠷᠢᠭ ᠤᠨ ᠥᠭᠡᠷᠡᠴᠢᠯᠡᠯᠲᠡ ᠨᠢ ᠰᠠᠭᠤᠭᠠᠯᠢ ᠠᠷᠠᠳ ᠤᠨ ᠵᠣᠯ ᠵᠢᠷᠭᠠᠯᠲᠤ ᠠᠮᠢᠳᠤᠷᠠᠯ ᠢ  ᠨᠢᠭᠡᠨ ᠳᠡᠭᠳᠡᠷ ᠲᠤ ᠬᠦᠷᠭᠡᠭᠰᠡᠨ
ᠨᠡᠶᠢᠲᠡᠯᠡᠭᠰᠡᠨ ᠴᠠᠭ᠄
2024/9/13
      ᠪᠠᠶᠢᠰᠢᠩ ᠲᠣᠭᠤᠷᠢᠭ ᠤᠨ ᠥᠭᠡᠷᠡᠴᠢᠯᠡᠯᠲᠡ ᠨᠢ ᠰᠠᠭᠤᠭᠠᠯᠢ ᠠᠷᠠᠳ ᠤᠨ ᠵᠣᠯ ᠵᠢᠷᠭᠠᠯᠲᠤ ᠠᠮᠢᠳᠤᠷᠠᠯ ᠢ  ᠨᠢᠭᠡᠨ ᠳᠡᠭᠳᠡᠷ ᠲᠤ ᠬᠦᠷᠭᠡᠭᠰᠡᠨ                 ᠱᠦᠢᠨᠢ ᠵᠠᠮ ᠳᠡᠪᠢᠰᠴᠦ ᠰᠢᠪᠠᠷ ᠱᠠᠯᠴᠢᠭ ᠲᠠᠢ ᠨᠠᠷᠢᠨ ᠭᠤᠳᠤᠮᠵᠢ ᠠᠴᠠ  ᠰᠠᠯᠵᠤ᠂ ᠤᠰᠤ ᠵᠠᠯᠠᠬᠤ ᠲᠥᠬᠦᠭᠡᠷᠦᠮᠵᠢ ᠤᠭᠰᠠᠷᠠᠵᠤ ᠪᠣᠷᠣᠭᠠᠨ ᠤ ᠤᠯᠠᠷᠢᠯ ᠳᠤ ᠤᠰᠤ ᠭᠠᠳᠠᠭᠰᠢᠯᠠᠭᠤᠯᠬᠤ ᠳᠤ ᠬᠦᠴᠢᠷ᠂ ᠵᠠᠮ ᠤᠨ ᠳ᠋ᠧᠩ ᠤᠭᠰᠠᠷᠠᠵᠤ ᠬᠠᠷᠠᠩᠭᠤᠢ ᠵᠢᠵᠢᠭ ᠭᠤᠳᠤᠮᠵᠢ ᠶᠢ  ᠭᠡᠷᠡᠯᠳᠡᠭᠦᠯᠵᠤ ᠪᠠᠶᠢᠬᠤ ᠨᠢ ᠮᠠᠨ ᠤ ᠬᠤᠰᠢᠭᠤ ᠬᠠᠭᠤᠴᠢᠨ ᠭᠡᠷ ᠣᠷᠣᠨ ᠢ ᠥᠭᠡᠷᠡᠴᠢᠯᠡᠨ  ᠰᠠᠭᠤᠭᠠᠯᠢ ᠠᠷᠠᠳ ᠳᠤ ᠴᠡᠪᠡᠷ ᠲᠡᠭᠰᠢ᠂ ᠲᠠᠭᠠᠯᠠᠮᠵᠢᠲᠠᠢ ᠣᠷᠴᠢᠨ ᠲᠣᠭᠤᠷᠢᠨ ᠢ ᠤᠯᠭᠠᠭᠰᠠᠨ ᠪᠠᠶᠢᠨ᠎ᠠ᠃       2024 ᠣᠨ ᠳᠤ᠂ ᠮᠠᠨ ᠤ ᠬᠤᠰᠢᠭᠤ ᠠᠷᠠᠳ ᠤᠨ ᠠᠮᠢᠳᠤᠷᠠᠯ ᠤᠨ ᠠᠰᠠᠭᠤᠳᠠᠯ ᠢ  ᠶᠡᠬᠡᠳᠡ ᠠᠩᠬᠠᠷᠴᠤ᠂ ᠬᠠᠭᠤᠴᠢᠨ ᠪᠠᠶᠢᠰᠢᠩ ᠲᠣᠭᠤᠷᠢᠭ ᠢ ᠥᠭᠡᠷᠡᠴᠢᠯᠡᠨ ᠳᠡᠭᠡᠭᠰᠢᠯᠡᠭᠦᠯᠬᠦ ᠲᠥᠷᠥᠯ ᠵᠦᠢᠯ ᠢᠶᠠᠨ ᠠᠷᠠᠳ ᠣᠯᠠᠨ ᠳᠤ ᠪᠣᠳᠠᠲᠤ ᠶᠠᠪᠤᠳᠠᠯ ᠬᠢᠵᠦ ᠥᠭᠬᠦ ᠨᠠᠷᠢᠨ ᠳᠠᠩᠰᠠ ᠳᠤ ᠣᠷᠣᠭᠤᠯᠤᠨ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ ᠪᠣᠳᠠᠲᠠᠶᠢᠵᠢᠭᠤᠯᠵᠤ᠂ ᠠᠵᠢᠯ ᠤᠨ ᠲᠤᠰᠬᠠᠢ ᠠᠩᠭᠢ ᠪᠠᠶᠢᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠪᠡ᠃ᠨᠡᠶᠢᠲᠡ 1.1402 ᠳ᠋ᠦ᠋ᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠤᠯᠠᠭᠠᠨᠬᠤᠸᠠ ᠪᠠᠯᠭᠠᠰᠤᠨ ᠤ ᠪᠠᠷᠤᠭ 149.61 ᠲᠦᠮᠡᠨ ᠲᠡᠭᠰᠢ ᠳᠥᠷᠪᠡᠯᠵᠢᠨ ᠮᠧᠳ᠋ᠷ ᠲᠠᠯᠠᠪᠠᠢ ᠲᠠᠢ ᠣᠷᠣᠨ ᠰᠠᠭᠤᠴᠠ ᠶᠢ ᠵᠠᠰᠠᠨ ᠰᠢᠨᠡᠳᠬᠡᠵᠡᠢ᠃ ᠭᠤᠣᠯ ᠵᠡᠭᠡᠯᠢ ᠭᠤᠳᠤᠮᠵᠢ 17 ᠶᠢ ᠥᠭᠡᠷᠡᠴᠢᠯᠡᠨ ᠵᠠᠰᠠᠵᠤ᠂ 22.94 ᠲᠦᠮᠡᠨ ᠲᠡᠭᠰᠢ ᠳᠥᠷᠪᠡᠯᠵᠢᠨ ᠮᠧᠳ᠋ᠷ ᠵᠠᠮ ᠢ ᠰᠢᠨ᠎ᠡ ᠪᠠᠷ ᠳᠡᠪᠢᠰᠬᠦ ᠪᠠ ᠰᠡᠷᠭᠦᠭᠡᠵᠦ᠂ ᠤᠷᠲᠤ ᠶᠢᠨ ᠬᠡᠮᠵᠢᠶ᠎ᠡ ᠨᠢ 6.2 ᠲᠦᠮᠡᠨ ᠮᠧᠳ᠋ᠷ ᠪᠣᠯᠤᠨ᠎ᠠ ᠃ 351 ᠵᠤᠷᠪᠤᠰ ᠭᠤᠳᠤᠮᠵᠢᠨ ᠵᠠᠮ ᠢ ᠬᠠᠲᠠᠭᠤᠵᠢᠭᠤᠯᠵᠤ᠂ 50.8 ᠺᠢᠯᠣᠮᠧᠳ᠋ᠷ ᠪᠣᠬᠢᠷ ᠤᠰᠤᠨ ᠤ ᠬᠤᠭᠤᠯᠠᠢ ᠶᠢ ᠳᠡᠪᠢᠰᠴᠦ᠂ 16.1 ᠺᠢᠯᠣᠮᠧᠳ᠋ᠷ ᠪᠣᠷᠣᠭᠠᠨ ᠤ ᠤᠰᠤᠨ ᠤ ᠬᠤᠭᠤᠯᠠᠢ ᠶᠢ ᠳᠡᠪᠢᠰᠴᠦ᠂ 1.4 ᠺᠢᠯᠣᠮᠧᠳ᠋ᠷ ᠤᠰᠤ ᠬᠠᠩᠭᠠᠬᠤ ᠬᠤᠭᠤᠯᠠᠢ ᠶᠢ ᠳᠡᠪᠢᠰᠴᠦ᠂ 6580 ᠭᠠᠷᠤᠢ ᠡᠷᠦᠬᠡ ᠰᠠᠭᠤᠭᠠᠯᠢ ᠠᠷᠠᠳ ᠲᠤ ᠠᠰᠢᠭ ᠬᠦᠷᠲᠡᠭᠡᠵᠦ᠂ 17108 ᠭᠠᠷᠤᠢ ᠬᠥᠮᠦᠨ ᠠᠮᠠ ᠳᠤ ᠬᠤᠯᠪᠣᠭᠳᠠᠭᠰᠠᠨ ᠪᠠᠶᠢᠨ᠎ᠠ᠃ᠤᠯᠠᠭᠠᠨᠬᠤᠸᠠ ᠪᠠᠯᠭᠠᠰᠤᠨ ᠤ ᠬᠤᠲᠠ ᠶᠢᠨ ᠳᠦᠷᠢ ᠲᠦᠷᠬᠦ ᠶᠢ ᠶᠡᠬᠡᠪᠡᠷ ᠰᠠᠶᠢᠵᠢᠷᠠᠭᠤᠯᠤᠨ᠂ ᠣᠯᠠᠨ ᠵᠢᠯ ᠤᠨ ᠲᠣᠷᠰᠢ᠂ ᠥᠷᠭᠡᠨ ᠣᠯᠠᠨ  ᠪᠠᠶᠢᠰᠢᠩ ᠲᠣᠭᠤᠷᠢᠭ ᠤᠨ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠬᠦᠴᠢᠷ᠂ ᠵᠣᠷᠯᠣᠩ ᠴᠡᠪᠡᠷᠯᠡᠬᠦ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠦᠴᠢᠷ ᠵᠡᠷᠭᠡ ᠠᠷᠠᠳ ᠣᠯᠠᠨ ᠤ ᠠᠮᠢᠳᠤᠷᠠᠯ ᠲᠠᠢ  ᠨᠢᠭᠳᠠ ᠬᠤᠯᠪᠣᠭ᠎ᠠ ᠲᠠᠢ  ᠲᠣᠮᠣ ᠬᠦᠴᠢᠷ ᠠᠰᠠᠭᠤᠳᠠᠯ ᠢ ᠰᠢᠢᠳᠪᠦᠷᠢᠯᠡᠵᠦ᠂ ᠰᠠᠭᠤᠭᠠᠯᠢ ᠠᠷᠠᠳ ᠲᠤ ᠪᠣᠳᠠᠲᠠᠢ ᠠᠰᠢᠭ ᠬᠦᠷᠲᠡᠭᠡᠪᠡ᠃ ᠠᠷᠠᠳ ᠤᠨ ᠠᠮᠢᠳᠤᠷᠠᠯ ᠤᠨ ᠢᠨᠵᠧᠨᠧᠷᠢᠭ ᠨᠢ ᠠᠷᠠᠳ ᠲᠤ ᠪᠤᠶᠠᠨ ᠦᠢᠯᠡᠳᠴᠦ᠂ ᠬᠠᠭᠤᠴᠢᠨ ᠭᠡᠷ ᠪᠠᠶᠢᠰᠢᠩ ᠢ ᠥᠭᠡᠷᠡᠴᠢᠯᠡᠨ ᠪᠠᠶᠢᠭᠤᠯᠬᠤ ᠠᠵᠢᠯ ᠤᠨ ᠠᠬᠢᠴᠠ ᠶᠢ ᠲᠦᠯᠬᠢᠨ ᠠᠬᠢᠭᠤᠯᠬᠤ ᠶᠢ ᠳᠠᠭᠠᠯᠳᠤᠨ᠂ ᠬᠠᠭᠤᠴᠢᠨ ᠳᠦᠷᠰᠦ ᠰᠢᠨ᠎ᠡ ᠥᠩᠭᠡ ᠪᠠᠷ ᠰᠣᠯᠢᠭᠳᠠᠵᠤ᠂ ᠰᠠᠭᠤᠭᠠᠯᠢ ᠠᠷᠠᠳ ᠤᠨ ᠰᠠᠶᠢᠨ ᠰᠠᠶᠢᠬᠠᠨ ᠠᠮᠢᠳᠤᠷᠠᠯ ᠤᠨ ᠵᠢᠷᠤᠭᠯᠠᠯ ᠪᠣᠯᠵᠤ᠂ ᠣᠯᠠᠨ ᠲᠦᠮᠡᠨ ᠤ ᠵᠣᠯ ᠵᠢᠷᠭᠠᠯᠲᠤ ᠰᠡᠳᠬᠢᠯᠭᠡ ᠶᠢ ᠨᠢᠭᠡᠨ ᠳᠡᠭᠳᠡᠷ ᠲᠤ ᠬᠦᠷᠭᠡᠭᠰᠡᠨ ᠪᠠᠶᠢᠨ᠎ᠠ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄   ᠴᠧᠨ ᠯᠢᠨ     ᠳᠦᠩ  ᠵᠢᠩ    ᠯᠢ  ᠨᠢᠩ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2