ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠰᠤᠳᠤᠯᠭᠠᠨ ᠤ ᠲᠥᠪ ᠮᠠᠨ ᠤ ᠬᠤᠰᠢᠭᠤᠨ ᠤ ᠰᠢᠮᠢ ᠶᠢᠨ ᠭᠤᠣᠯ ᠰᠤᠷᠭᠠᠨ ᠬᠥᠮᠦᠵᠢᠯ ᠤᠨ ᠪᠣᠯᠪᠠᠰᠤᠷᠠᠯ ᠤᠨ ᠲᠥᠪ ᠲᠤ ᠰᠤᠷᠭᠠᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠤᠨ ᠫᠠᠶᠢᠰᠠ ᠰᠡᠬᠦᠬᠦ ᠶᠣᠰᠣᠯᠠᠯ  ᠶᠠᠪᠤᠭᠳᠠᠭᠤᠯᠤᠭᠰᠠᠨ
ᠨᠡᠶᠢᠲᠡᠯᠡᠭᠰᠡᠨ ᠴᠠᠭ᠄
2024/9/13
      ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠰᠤᠳᠤᠯᠭᠠᠨ ᠤ ᠲᠥᠪ ᠮᠠᠨ ᠤ ᠬᠤᠰᠢᠭᠤᠨ ᠤ ᠰᠢᠮᠢ ᠶᠢᠨ ᠭᠤᠣᠯ ᠰᠤᠷᠭᠠᠨ ᠬᠥᠮᠦᠵᠢᠯ ᠤᠨ ᠪᠣᠯᠪᠠᠰᠤᠷᠠᠯ ᠤᠨ ᠲᠥᠪ ᠲᠤ ᠰᠤᠷᠭᠠᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠤᠨ ᠫᠠᠶᠢᠰᠠ ᠰᠡᠬᠦᠬᠦ ᠶᠣᠰᠣᠯᠠᠯ  ᠶᠠᠪᠤᠭᠳᠠᠭᠤᠯᠤᠭᠰᠠᠨ                  9 ᠰᠠᠷ᠎ᠠ ᠶᠢᠨ 6 ᠤ ᠡᠳᠦᠷ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠰᠤᠳᠤᠯᠭᠠᠨ ᠤ ᠲᠥᠪ ᠨᠢ ᠳᠥᠷᠪᠡᠳ ᠬᠤᠰᠢᠭᠤᠨ ᠤ ᠰᠢᠮᠢ ᠶᠢᠨ ᠭᠤᠣᠯ ᠰᠤᠷᠭᠠᠨ ᠬᠥᠮᠦᠵᠢᠯ ᠤᠨ ᠪᠣᠯᠪᠠᠰᠤᠷᠠᠯ ᠤᠨ ᠲᠥᠪ ᠲᠤ ᠰᠤᠷᠭᠠᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠤᠨ ᠫᠠᠶᠢᠰᠠ ᠰᠡᠬᠦᠬᠦ ᠶᠣᠰᠣᠯᠠᠯ ᠶᠠᠪᠤᠭᠤᠯᠵᠤ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠦᠨᠳᠦᠰᠦᠲᠡᠨ ᠤ ᠤᠬᠠᠭᠠᠨ ᠬᠢᠭᠡᠳ ᠨᠡᠶᠢᠭᠡᠮ ᠤᠨ ᠳᠡᠭᠡᠳᠦ ᠰᠤᠷᠭᠠᠭᠤᠯᠢ ᠶᠢᠨ ᠵᠠᠬᠢᠷᠤᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠰᠤᠳᠤᠯᠭᠠᠨ ᠤ ᠲᠥᠪ ᠤᠨ ᠪᠠᠶᠢᠩᠭᠤ ᠶᠢᠨ ᠳᠡᠳ᠋ ᠡᠷᠬᠢᠯᠡᠭᠴᠢ ᠠᠯᠲᠠᠨᠪᠤᠯᠠᠭ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠦᠨᠳᠦᠰᠦᠲᠡᠨ ᠤ ᠤᠬᠠᠭᠠᠨ ᠬᠢᠭᠡᠳ ᠨᠡᠶᠢᠭᠡᠮ ᠤᠨ ᠳᠡᠭᠡᠳᠦ ᠰᠤᠷᠭᠠᠭᠤᠯᠢ ᠶᠢᠨ ᠨᠠᠮ ᠤᠨ  ᠬᠤᠷᠢᠶᠠᠨ ᠤ ᠱᠦᠵᠢ ᠵᠠᠩ ᠱᠢ ᠸᠧᠢ᠂ ᠳᠥᠷᠪᠡᠳ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠡᠴᠡᠭᠤᠸ᠎ᠠ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃        ᠲᠤᠰ ᠤᠳᠠᠭᠠᠨ ᠤ ᠬᠠᠮᠲᠤᠷᠠᠯᠴᠠᠭᠠᠨ ᠤ ᠵᠣᠷᠢᠯᠭ᠎ᠠ ᠪᠣᠯ ᠰᠢᠮᠢ ᠶᠢᠨ ᠭᠤᠣᠯ ᠰᠤᠷᠭᠠᠨ ᠬᠥᠮᠦᠵᠢᠯ ᠤᠨ ᠪᠣᠯᠪᠠᠰᠤᠷᠠᠯ ᠤᠨ ᠲᠥᠪ ᠢ ᠪᠦᠲᠦᠮᠵᠢᠲᠡᠢ ᠵᠢᠯᠣᠭᠤᠳᠴᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠬᠢᠴᠢᠶᠡᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠠᠮᠢᠶ᠎ᠠ ᠪᠦᠬᠦᠢ ᠵᠢᠭᠠᠨ ᠰᠤᠷᠭᠠᠯᠲᠠ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠤᠯᠠᠮ ᠨᠢᠭᠡ ᠠᠯᠬᠤᠮ ᠪᠦᠲᠦᠮᠵᠢᠲᠡᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠰᠤᠳᠤᠯᠭᠠᠨ ᠤ ᠲᠥᠪ ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠢ ᠮᠡᠷᠭᠡᠵᠢᠯᠲᠡᠨ ᠲᠣᠮᠢᠯᠠᠵᠤ ᠬᠢᠴᠢᠶᠡᠯ ᠣᠷᠣᠭᠤᠯᠬᠤ᠂ ᠰᠢᠨᠵᠢᠯᠡᠨ ᠪᠠᠶᠢᠴᠠᠭᠠᠬᠤ᠂ ᠪᠠᠶᠢᠴᠠᠭᠠᠨ ᠰᠤᠳᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ ᠰᠢᠮᠢ ᠶᠢᠨ ᠭᠤᠣᠯ ᠰᠤᠷᠭᠠᠨ ᠬᠥᠮᠦᠵᠢᠯ ᠤᠨ ᠪᠣᠯᠪᠠᠰᠤᠷᠠᠯ ᠤᠨ ᠲᠥᠪ ᠲᠤ ᠬᠠᠨᠳᠤᠯᠭᠠᠲᠤ ᠴᠢᠨᠠᠷᠲᠠᠢ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠬᠥᠮᠦᠵᠢᠯ ᠤᠨ ᠲᠤᠰᠬᠠᠢ ᠰᠡᠳᠦᠪᠲᠦ ᠪᠣᠯᠪᠠᠰᠤᠷᠠᠯ ᠬᠦᠷᠲᠡᠭᠡᠵᠦ᠂ ᠬᠠᠮᠢᠶ᠎ᠠ ᠪᠦᠬᠦᠢ ᠬᠦᠷᠢᠶᠡᠨ ᠤ ᠣᠨᠣᠯ ᠪᠠ ᠦᠢᠯᠡᠳᠦᠯᠭᠡ ᠶᠢᠨ ᠲᠤᠰᠬᠠᠢ ᠮᠡᠷᠭᠡᠵᠢᠯᠲᠡᠨ᠂ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠲᠠᠶᠢᠯᠪᠤᠷᠢᠯᠠᠭᠴᠢ ᠶᠢ ᠬᠥᠮᠦᠵᠢᠭᠦᠯᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠪᠥᠬᠦ ᠲᠠᠯ᠎ᠠ ᠪᠠᠷ ᠭᠦᠨᠵᠡᠭᠡᠢ  ᠳᠠᠭᠠᠭᠠᠮᠠᠭᠠᠢ ᠥᠷᠨᠢᠭᠦᠯᠬᠦ ᠳᠤ ᠣᠶᠤᠨ ᠤᠬᠠᠭᠠᠨ ᠪᠠ ᠴᠢᠳᠠᠪᠤᠷᠢᠲᠠᠨ ᠤ ᠲᠦᠰᠢᠭ ᠲᠤᠯᠭᠠᠭᠤᠷᠢ ᠬᠠᠩᠭᠠᠨ᠎ᠠ᠃ᠡᠭᠦᠨ ᠤ ᠬᠠᠮᠲᠤ᠂ 《 ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠰᠤᠳᠤᠯᠭᠠᠨ ᠤ ᠲᠥᠪ ᠤᠨ ᠳᠥᠷᠪᠡᠳ ᠬᠤᠰᠢᠭᠤᠨ ᠤ ᠰᠢᠮᠢ ᠶᠢᠨ ᠭᠤᠣᠯ ᠰᠤᠷᠭᠠᠨ ᠬᠥᠮᠦᠵᠢᠯ ᠤᠨ ᠪᠣᠯᠪᠠᠰᠤᠷᠠᠯ ᠤᠨ ᠲᠥᠪ ᠤᠨ ᠦᠢᠯᠡᠳᠦᠯᠭᠡ ᠶᠢᠨ ᠰᠠᠭᠤᠷᠢᠨ 》 ᠠᠴᠠ ᠭᠠᠷᠭᠠᠭᠰᠠᠨ ᠦᠷ᠎ᠡ ᠪᠦᠲᠦᠭᠡᠯ᠂ ᠡᠷᠬᠢᠯᠡᠭᠰᠡᠨ ᠡᠯ᠎ᠡ ᠲᠥᠷᠥᠯ ᠤᠨ ᠡᠷᠳᠡᠮ ᠰᠢᠨᠵᠢᠯᠡᠭᠡᠨ ᠵᠢᠴᠢ ᠦᠢᠯᠡᠳᠦᠯᠭᠡ ᠶᠢᠨ ᠠᠵᠢᠯᠯᠠᠭ᠎ᠠ ᠶᠢᠨ ᠲᠥᠰᠦᠯ ᠳᠤ ᠦᠵᠡᠯ ᠤᠬᠠᠮᠰᠠᠷ ᠤᠨ ᠬᠡᠯᠪᠡᠷᠢ ᠪᠠ ᠤᠯᠤᠰ ᠲᠥᠷᠥ ᠶᠢᠨ ᠴᠢᠭᠯᠡᠯ ᠪᠣᠭᠤᠮᠲᠠ ᠶᠢ ᠠᠳᠬᠤᠵᠤ᠂ ᠬᠠᠮᠢᠶ᠎ᠠ ᠪᠦᠬᠦᠢ ᠬᠥᠮᠦᠰ ᠤᠨ ᠵᠥᠪ ᠣᠨᠣᠪᠴᠢᠲᠠᠢ ᠤᠯᠤᠰ ᠲᠥᠷᠥ ᠶᠢᠨ ᠵᠣᠭᠰᠣᠯᠲᠠ ᠪᠠ ᠬᠢᠷᠢ ᠲᠡᠩᠴᠡᠭᠰᠡᠨ ᠪᠠᠭᠰᠢ ᠶᠢᠨ ᠬᠡᠪ ᠰᠤᠷᠲᠠᠯ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ᠵᠠᠯᠭᠠᠭᠠᠳ ᠬᠤᠶᠠᠷ ᠲᠠᠯ᠎ᠠ ᠪᠠᠷ ᠢᠶᠠᠨ ᠴᠢᠳᠠᠪᠤᠷᠢᠲᠠᠨ ᠬᠥᠮᠦᠵᠢᠭᠦᠯᠬᠦ᠂ ᠡᠷᠳᠡᠮ ᠰᠢᠨᠵᠢᠯᠡᠭᠡᠨ ᠤ ᠰᠤᠳᠤᠯᠤᠯᠲᠠ᠂ ᠪᠠᠶᠢᠴᠠᠭᠠᠨ ᠰᠤᠳᠤᠯᠤᠯᠲᠠ ᠤᠬᠠᠭᠤᠯᠭ᠎ᠠ ᠶᠢᠨ ᠠᠵᠢᠯᠯᠠᠭ᠎ᠠ᠂ ᠰᠤᠷᠤᠭᠴᠢᠳ ᠤᠨ ᠳᠠᠳᠤᠯᠭ᠎ᠠ ᠵᠡᠷᠭᠡ ᠲᠠᠯ᠎ᠠ ᠪᠠᠷ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠪᠣᠯᠤᠨ᠎ᠠ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄    ᠲᠠᠨ᠎ᠠ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2