ᠲᠣᠰᠬᠤᠨ ᠤ ᠠᠷᠠᠳ ᠤᠨ《ᠪᠠᠶᠠᠵᠢᠯ ᠤᠨ ‍ᠨᠴᠡᠴᠡᠭ 》 ᠪᠠᠳᠠᠷᠠᠨ ᠳᠡᠯᠭᠡᠷᠡᠨᠡᠮ
ᠨᠡᠶᠢᠲᠡᠯᠡᠭᠰᠡᠨ ᠴᠠᠭ᠄
2024/9/2
      ᠲᠣᠰᠬᠤᠨ ᠤ ᠠᠷᠠᠳ ᠤᠨ《ᠪᠠᠶᠠᠵᠢᠯ ᠤᠨ ‍ᠨᠴᠡᠴᠡᠭ 》 ᠪᠠᠳᠠᠷᠠᠨ ᠳᠡᠯᠭᠡᠷᠡᠨᠡᠮ                ᠣᠶᠢᠷ᠎ᠠ ᠶᠢᠨ ᠡᠳᠦᠷ᠂ ᠮᠠᠨ ᠤ ᠬᠤᠰᠢᠭᠤᠨ ᠤ ᠵᠢᠢ ᠱᠧᠩ ᠲᠠᠢ ᠪᠠᠯᠭᠠᠰᠤᠨ ᠤ ᠳ᠋ᠧ ᠱᠧᠩ ᠭᠧᠦ ᠲᠣᠰᠬᠤᠨ ᠤ ᠲᠠᠷᠢᠭᠰᠠᠨ 50 ᠮᠦ《ᠭᠦᠷᠭᠦᠮ》ᠲᠡᠭᠦᠵᠦ ᠬᠤᠷᠢᠶᠠᠬᠤ ᠤᠯᠠᠷᠢᠯ ᠪᠣᠯᠵᠤ᠂ ᠪᠠᠳᠠᠷᠠᠨ ᠳᠡᠯᠭᠡᠷᠡᠭᠰᠡᠨ ᠤᠯᠠᠭᠠᠨ ᠴᠡᠴᠡᠭ ᠨᠢ ᠲᠠᠷᠢᠶᠠᠴᠢᠨ ᠡᠷᠦᠬᠡ ᠳᠤ ᠡᠯᠪᠡᠭ ᠬᠤᠷᠢᠶᠠᠯᠲᠠ ᠵᠦᠡᠭᠨᠡᠵᠦ᠂ ᠲᠤᠬᠠᠢ ᠶᠢᠨ ᠭᠠᠵᠠᠷ ᠤᠨ ᠬᠢᠨ ᠲᠡᠭᠦᠨ ᠢ《ᠪᠠᠶᠠᠵᠢᠯ ᠤᠨ ‍ᠨᠴᠡᠴᠡᠭ》ᠬᠡᠮᠡᠨ ᠨᠡᠷᠡᠯᠡᠭᠰᠡᠨ ᠪᠠᠶᠢᠨ᠎ᠠ᠃     《ᠪᠠᠶᠠᠵᠢᠯ ᠤᠨ ‍ᠨᠴᠡᠴᠡᠭ》ᠬᠡᠮᠡᠨ ᠨᠡᠷᠡᠯᠡᠭᠰᠡᠨ《ᠭᠦᠷᠭᠦᠮ》ᠪᠣᠯ ᠤᠳᠪᠠᠯ᠎ᠠ ᠶᠢᠨ ᠢᠵᠠᠭᠤᠷ᠂ ᠨᠢᠭᠡ ᠨᠠᠰᠤᠲᠤ ᠡᠪᠡᠰᠦᠯᠢᠭ ᠤᠷᠭᠤᠮᠠᠯ᠂ ᠬᠠᠬᠢᠷ ᠬᠦᠢᠲᠡᠨ᠂ ᠲᠠᠴᠢᠷ ᠲᠤ ᠲᠡᠰᠪᠦᠷᠢᠲᠡᠢ᠂ 5 ~ 8 ᠰᠠᠷ᠎ᠠ ᠳᠤ ᠴᠡᠴᠡᠭᠯᠡᠵᠦ᠂ ᠴᠡᠴᠡᠭ ᠨᠢ ᠡᠮ ᠳᠤ ᠣᠷᠣᠨ᠎ᠠ᠂ ᠴᠢᠰᠤᠨ ᠤ ᠡᠷᠭᠢᠯᠲᠡ ᠶᠢ ᠰᠠᠶᠢᠵᠢᠷᠠᠭᠤᠯᠬᠤ᠂ ᠡᠪᠡᠳᠬᠦ ᠶᠢ ᠵᠣᠭᠰᠣᠭᠠᠬᠤ ᠵᠡᠷᠭᠡ ᠦᠢᠯᠡᠳᠦᠯ ᠲᠠᠢ᠃ ᠡᠨᠡ ᠵᠢᠯ ᠤᠨ 3 ᠰᠠᠷ᠎ᠠ ᠳᠤ᠂ ᠮᠠᠨ ᠤ ᠬᠤᠰᠢᠭᠤ ᠣᠯᠠᠨ ᠲᠠᠯ᠎ᠠ ᠪᠠᠷ ᠦᠨ᠎ᠡ ᠯᠠᠪᠯᠠᠬᠤ ᠪᠠᠷ ᠳᠠᠮᠵᠢᠨ᠂ ᠠᠨᠾᠦ᠋ᠢ ᠮᠣᠵᠢ ᠶᠢᠨ ᠪᠦᠸᠧ ᠵᠧᠦ ᠬᠤᠲᠠ ᠶᠢᠨ ᠶᠠᠩ ᠲᠦᠩ ᠬᠢᠲᠠᠳ ᠡᠮ ᠤᠨ ᠮᠠᠲ᠋ᠧᠷᠢᠶᠠᠯ ᠲᠠᠷᠢᠬᠤ ᠰᠢᠨᠵᠢᠯᠡᠬᠦ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠲᠣᠭᠲᠠᠵᠤ᠂ 400 ᠺᠢᠯᠤᠭ᠍ᠷᠠᠮ 《ᠭᠦᠷᠭᠦᠮ》 ᠤᠨ ᠡᠪᠡᠰᠦᠨ ᠡᠮ ᠤᠨ ᠦᠷ᠎ᠡ ᠶᠢ ᠬᠤᠳᠠᠯᠳᠤᠨ ᠠᠪᠴᠤ᠂ ᠭᠤᠣ ᠲᠠᠢ ᠲᠣᠰᠬᠤᠨ ᠪᠣᠯᠤᠨ ᠳ᠋ᠧ ᠱᠧᠩ ᠭᠧᠦ ᠲᠣᠰᠬᠤᠨ ᠤ ᠰᠤᠯᠠ ᠲᠠᠯᠪᠢᠭᠳᠠᠵᠤ ᠪᠠᠶᠢᠭ᠎ᠠ ᠬᠤᠭᠤᠰᠣᠨ ᠭᠠᠵᠠᠷ ᠲᠤ ᠲᠣᠰᠪᠣᠷᠢ 50 ᠮᠦ ᠲᠠᠷᠢᠭᠰᠠᠨ ᠪᠠᠶᠢᠨ᠎ᠠ᠃ ᠭᠡᠷ᠎ᠡ ᠶᠢᠨ ᠳᠠᠭᠠᠤ᠂ ᠨᠠᠮᠤᠷ ᠤᠨ ᠤᠯᠠᠷᠢᠯ ᠳᠤ᠂ ᠵᠠᠬ᠎ᠠ ᠶᠢᠨ ᠦᠨ᠎ᠡ ᠶᠢᠨ ᠣᠶᠢᠷᠠᠯᠴᠠᠭ᠎ᠠ ᠮᠦ ᠪᠦᠷᠢ 3000 ᠲᠥᠭᠦᠷᠢᠭ ᠣᠷᠴᠢᠮ ᠦᠨ᠎ᠡ ᠪᠠᠷ ᠬᠠᠭᠤᠷᠠᠢ ᠴᠡᠴᠡᠭ ᠬᠤᠳᠠᠯᠳᠤᠨ ᠠᠪᠬᠤ ᠪᠣᠯᠤᠨ᠎ᠠ᠃ ᠣᠶᠢᠯᠠᠭᠠᠭᠰᠠᠨ ᠢᠶᠠᠷ᠂ ᠨᠡᠶᠢᠲᠡ 88 ᠡᠷᠦᠬᠡ ᠲᠠᠷᠢᠶᠠᠴᠢᠨ ᠡᠷᠦᠬᠡ ᠡᠨᠡᠬᠦ ᠲᠥᠰᠦᠯ ᠳᠤ ᠤᠷᠤᠯᠴᠠᠭᠰᠠᠨ ᠪᠠᠶᠢᠨ᠎ᠠ᠃       ᠣᠶᠢᠷ᠎ᠠ ᠶᠢᠨ ᠵᠢᠯ ᠠᠴᠠ ᠨᠡᠰᠢ᠂ ᠮᠠᠨ ᠤ ᠬᠤᠰᠢᠭᠤ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠠᠵᠤ ᠦᠢᠯᠡᠰ ᠤᠨ ᠪᠦᠲᠦᠴᠡ ᠪᠠᠨ ᠢᠳᠡᠪᠬᠢᠲᠡᠢ ᠲᠣᠬᠢᠷᠠᠭᠤᠯᠵᠤ᠂ ᠲᠤᠬᠠᠢ ᠶᠢᠨ ᠭᠠᠵᠠᠷ ᠤᠨ ᠪᠣᠬᠢᠷᠲᠤᠯ ᠥᠬᠡᠢ ᠠᠮᠢ ᠠᠬᠤᠢ ᠶᠢᠨ ᠣᠷᠣᠨ ᠪᠦᠰᠡ ᠶᠢᠨ ᠳᠠᠪᠠᠭᠤᠯᠢᠭ ᠲᠤ ᠰᠠᠭᠤᠷᠢᠯᠠᠨ᠂ ᠣᠯᠠᠨ ᠡᠰᠢᠲᠦ ᠠᠵᠤ ᠦᠢᠯᠡᠰ ᠤᠨ ᠠᠭᠤᠰᠤᠯᠴᠠᠨ ᠬᠥᠭᠵᠢᠬᠦ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠵᠦ᠂ ᠲᠠᠷᠢᠶᠠᠴᠢᠳ ᠤᠨ ᠶᠡᠷᠦᠩᠬᠡᠢ ᠠᠰᠢᠭ ᠣᠷᠣᠯᠭ᠎ᠠ ᠶᠢ ᠲᠠᠰᠤᠷᠠᠯᠲᠠ ᠥᠬᠡᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄ ᠰᠤᠷᠤᠨ᠎ᠠ   ᠰᠦᠩ ᠰᠢᠶᠣᠣ ᠢᠦᠢ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2