2024 ᠣᠨ ᠤ ᠤᠯᠠᠭᠠᠨᠴᠠᠪ · ᠳᠥᠷᠪᠡᠳ ᠲᠠᠪᠤᠨ ᠴᠤᠯᠤ ᠶᠢᠨ ᠱᠥᠯᠥ ᠶᠢᠨ ᠶᠡᠭᠡ ᠬᠤᠷᠠᠯ ᠤᠨ ᠠᠵᠢᠯ ᠤᠨ ᠳ᠋ᠦᠩᠨᠡᠯᠲᠡ ᠶᠢᠨ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2024/9/2
      2024 ᠣᠨ ᠤ ᠤᠯᠠᠭᠠᠨᠴᠠᠪ · ᠳᠥᠷᠪᠡᠳ ᠲᠠᠪᠤᠨ ᠴᠤᠯᠤ ᠶᠢᠨ ᠱᠥᠯᠥ ᠶᠢᠨ ᠶᠡᠭᠡ ᠬᠤᠷᠠᠯ ᠤᠨ ᠠᠵᠢᠯ ᠤᠨ ᠳ᠋ᠦᠩᠨᠡᠯᠲᠡ ᠶᠢᠨ ᠬᠤᠷᠠᠯ ᠬᠤᠷᠠᠯᠳᠤᠭᠰᠠᠨ               ᠣᠶᠢᠷ᠎ᠠ ᠳᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠢᠦᠢ ᠳ᠋ᠠᠢ ᠴᠢᠩ 2024 ᠣᠨ ᠤ ᠤᠯᠠᠭᠠᠨᠴᠠᠪ · ᠳᠥᠷᠪᠡᠳ ᠲᠠᠪᠤᠨ ᠴᠤᠯᠤ ᠶᠢᠨ ᠱᠥᠯᠥ ᠶᠢᠨ ᠶᠡᠭᠡ ᠬᠤᠷᠠᠯ ᠤᠨ ᠠᠵᠢᠯ ᠤᠨ ᠳ᠋ᠦᠩᠨᠡᠯᠲᠡ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃       ᠬᠤᠷᠠᠯ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠣᠯᠠᠭᠤᠯᠭ᠎ᠠ ᠶᠢᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠸᠠᠩ ᠭᠦᠸᠧ ᠶᠢᠩ᠂ ᠥᠪᠥᠷ ᠮᠣᠩᠭᠤᠯ ᠤᠨ ᠢᠳᠡᠭᠡᠨ ᠤᠮᠳᠠᠭᠠᠨ ᠤ ᠨᠡᠶᠢᠭᠡᠮᠯᠢᠭ ᠤᠨ ᠳᠠᠷᠤᠭ᠎ᠠ ᠯᠠᠩ ᠯᠢ ᠰᠢᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠰᠦᠯᠳᠡ ᠬᠤᠷᠠᠯ ᠳᠤ ᠣᠷᠣᠯᠴᠠᠪᠠ᠃       ᠬᠤᠷᠠᠯ ᠳᠡᠭᠡᠷ᠎ᠡ᠂ ᠮᠠᠨ ᠤ ᠬᠤᠰᠢᠭᠤᠨ ᠤ ᠢᠳᠡᠰᠢᠨ ᠬᠤᠨᠢᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠡᠷᠬᠢᠨ ᠠᠬᠢᠭᠤᠯᠬᠤ ᠵᠢᠴᠢ ᠳᠠᠷᠠᠭᠠᠴᠢ ᠶᠢᠨ ᠠᠯᠬᠤᠮ ᠤᠨ ᠪᠦᠬᠦ ᠬᠤᠰᠢᠭᠤᠨ ᠤ ᠵᠤᠭᠠᠴᠠᠯ᠂ ᠢᠳᠡᠰᠢᠨ ᠬᠤᠨᠢᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠰᠤᠨᠤᠰᠴᠤ᠂ ᠸᠠᠩ ᠭᠦᠸᠧ ᠶᠢᠩ᠂ ᠯᠠᠩ ᠯᠢ ᠰᠢᠨ ᠬᠢᠭᠡᠳ ᠬᠠᠮᠢᠶ᠎ᠠ ᠪᠦᠬᠦᠢ ᠠᠵᠤ ᠠᠬᠤᠶᠢᠯᠠᠯ ᠢᠳᠡᠰᠢᠨ ᠬᠤᠨᠢᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠳᠡᠰ ᠳᠠᠷᠠᠭᠠᠯᠠᠨ ᠰᠠᠨᠠᠯ ᠰᠠᠨᠠᠭᠤᠯᠭ᠎ᠠ ᠳᠤᠷᠠᠳᠴᠠᠢ᠃        ᠢᠦᠢ ᠳ᠋ᠠᠢ ᠴᠢᠩ ᠠᠴᠠ᠂ ᠲᠠᠪᠤᠨ ᠴᠤᠯᠤ ᠶᠢᠨ ᠱᠥᠯᠥ ᠶᠢᠨ ᠶᠡᠭᠡ ᠬᠤᠷᠠᠯ ᠤᠨ ᠣᠯᠤᠭᠰᠠᠨ ᠣᠯᠠᠨ ᠲᠥᠷᠥᠯ ᠤᠨ ᠠᠮᠵᠢᠯᠲᠠ ᠨᠢ ᠳᠥᠷᠪᠡᠳ ᠬᠤᠰᠢᠭᠤᠨ ᠤ ᠢᠳᠡᠰᠢᠨ ᠬᠤᠨᠢᠨ ᠤ ᠠᠵᠤ ᠦᠢᠯᠡᠰ ᠤᠨ ᠬᠥᠭᠵᠢᠯᠲᠡ ᠳᠤ ᠴᠢᠬᠤᠯᠠ ᠠᠴᠢ ᠬᠤᠯᠪᠣᠭᠳᠠᠯ ᠲᠠᠢ᠃ ᠪᠢᠳᠡ ᠡᠷᠬᠡᠪᠰᠢ ᠲᠥᠷᠥᠯ ᠲᠡᠮᠳᠡᠭ ᠢ ᠪᠣᠢ ᠪᠣᠯᠭᠠᠵᠤ᠂ ᠦᠨᠡᠨᠬᠦ ᠠᠳᠬᠤᠵᠤ ᠪᠣᠳᠠᠲᠠᠢ ᠬᠢᠵᠦ᠂ ᠶᠠᠰᠤ ᠴᠢᠨᠠᠷ ᠤᠨ ᠪᠠᠷᠢᠮᠵᠢᠶ᠎ᠠ ᠶᠢᠨ ᠪᠣᠭᠤᠮᠲᠠ ᠶᠢ ᠴᠢᠩᠭ᠎ᠠ ᠠᠳᠬᠤᠵᠤ᠂ ᠳᠥᠷᠪᠡᠳ ᠬᠤᠨᠢᠨ ᠮᠢᠬ᠎ᠠ᠂ ᠲᠠᠪᠤᠨ ᠴᠤᠯᠤ ᠶᠢᠨ ᠱᠥᠯᠥ ᠶᠢᠨ ᠲᠥᠷᠥᠯ ᠲᠡᠮᠳᠡᠭ ᠢ ᠪᠤᠵᠠᠭᠠᠶᠢᠷᠠᠭᠤᠯᠤᠨ ᠰᠢᠯᠢᠳᠡᠭᠵᠢᠭᠦᠯᠵᠦ᠂ ᠲᠠᠯ᠎ᠠ ᠨᠤᠲᠤᠭ ᠠᠴᠠ ᠪᠦᠬᠦ ᠤᠯᠤᠰ ᠵᠦᠭ ᠵᠠᠮᠨᠠᠬᠤ ᠬᠡᠷᠡᠭᠲᠡᠢ ᠭᠡᠰᠡᠨ ᠪᠠᠶᠢᠨ᠎ᠠ᠃        ᠬᠤᠰᠢᠭᠤᠨ ᠤ ᠤᠳᠤᠷᠢᠳᠤᠯᠭ᠎ᠠ ᠶᠠᠩ ᠯᠢᠦ᠂ ᠤᠷᠢᠬᠠᠨ᠂ ᠹᠠᠨ ᡁᠢ ᠯᠢᠶᠠᠩ᠂ ᠥᠪᠥᠷ ᠮᠣᠩᠭᠤᠯ ᠤᠨ ᠢᠳᠡᠭᠡᠨ ᠤᠮᠳᠠᠭᠠᠨ ᠤ ᠨᠡᠶᠢᠭᠡᠮᠯᠢᠭ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠢ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄  ᠯᠢ ᠨᠢᠩ   ᠷᠧᠨ  ᠫᠧᠩ    ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2