ᠰᠢ ᠶᠢᠨ ᠫᠢᠩ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠵᠢᠷᠭᠤᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠢ
ᠨᠡᠶᠢᠲᠡᠯᠡᠭᠰᠡᠨ ᠴᠠᠭ᠄
2024/9/2
      ᠰᠢ ᠶᠢᠨ ᠫᠢᠩ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠵᠢᠷᠭᠤᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠢ ᠦᠵᠡᠯ ᠰᠠᠨᠠᠭ᠎ᠠ ᠪᠠᠨ ᠴᠢᠯᠦᠭᠡᠯᠡᠨ ᠦᠨᠡᠨ ᠠᠴᠠ ᠵᠥᠪ ᠢ ᠡᠷᠢᠵᠦ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ ᠥᠭᠡᠷᠡᠴᠢᠯᠡᠯᠲᠡ ᠶᠢᠨ ᠡᠭᠦᠷᠭᠡ ᠶᠢ ᠵᠣᠬᠢᠶᠠᠨ  ᠪᠠᠶᠢᠭᠤᠯᠤᠨ ᠬᠡᠷᠡᠭᠵᠢᠭᠦᠯᠬᠦ ᠶᠢ ᠪᠦᠭᠦ ᠬᠦᠴᠦᠨ ᠢᠶᠠᠷ ᠢᠶᠠᠨ  ᠰᠠᠶᠢᠳᠤᠷ ᠠᠳᠬᠤᠬᠤ ᠬᠡᠷᠡᠭᠲᠡᠢ      ᠯᠢ ᠴᠢᠶᠠᠩ ᠸᠠᠩ ᠬᠤᠤ ᠨᠢᠩ ᠼᠠᠢ ᠴᠢ ᠬᠤᠷᠠᠯ ᠳᠤ ᠣᠷᠣᠯᠴᠠᠵᠠᠢ              ᠰᠢᠨᠬᠤᠸᠠ ᠬᠤᠷᠢᠶ᠎ᠠ ᠶᠢᠨ ᠪᠡᠭᠡᠵᠢᠩ ᠤᠨ 8 ᠰᠠᠷ᠎ᠠ ᠶᠢᠨ 29 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ᠂ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠡᠷᠭᠢᠯᠡᠭᠴᠢ ᠰᠢ ᠶᠢᠨ ᠫᠢᠩ 8 ᠰᠠᠷ᠎ᠠ ᠶᠢᠨ 29 ᠤ ᠦᠳᠡ ᠶᠢᠨ ᠡᠮᠦᠨ᠎ᠡ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠵᠢᠷᠭᠤᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠲᠡᠷᠡ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ  ᠶᠢ ᠰᠢᠨ᠎ᠡ ᠴᠠᠭ ᠦᠶ᠎ᠡ ᠠᠴᠠ ᠨᠠᠭᠠᠰᠢᠬᠢ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠰᠠᠭᠤᠷᠢᠨ ᠳᠡᠭᠡᠷ᠎ᠡ ᠠᠬᠢᠭᠤᠯᠵᠤ᠂ ᠪᠠᠲᠤ ᠪᠠᠬᠢ ᠰᠠᠭᠤᠷᠢ ᠪᠣᠯᠣᠨ ᠠᠰᠢᠭᠲᠠᠢ ᠨᠥᠬᠦᠴᠡᠯ ᠢ ᠪᠦᠷᠢᠯᠳᠦᠭᠦᠯᠪᠡ᠃ ᠣᠳᠣ ᠪᠠᠶᠢᠭ᠎ᠠ ᠥᠭᠡᠷᠡᠴᠢᠯᠡᠯᠲᠡ ᠶᠢᠨ ᠦᠷ᠎ᠡ ᠪᠦᠲᠦᠭᠡᠯ ᠪᠣᠯᠣᠨ ᠴᠢᠬᠤᠯᠠ ᠲᠤᠷᠰᠢᠯᠭ᠎ᠠ ᠶᠢ ᠰᠠᠶᠢᠳᠤᠷ ᠬᠡᠷᠡᠭᠯᠡᠵᠦ᠂ ᠦᠵᠡᠯ ᠰᠠᠨᠠᠭ᠎ᠠ ᠪᠠᠨ ᠴᠢᠯᠦᠭᠡᠯᠡᠨ᠂ ᠦᠨᠡᠨ ᠠᠴᠠ ᠵᠥᠪ ᠢ ᠡᠷᠢᠵᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠡᠯ᠎ᠡ ᠲᠠᠯ᠎ᠠ ᠶᠢᠨ  ᠤ ᠢᠳᠡᠪᠬᠢᠵᠢᠯ ᠢ ᠭᠦᠢᠴᠡᠳ  ᠳᠠᠶᠢᠴᠢᠯᠠᠨ᠂ ᠥᠭᠡᠷᠡᠴᠢᠯᠡᠯᠲᠡ ᠶᠢᠨ ᠡᠭᠦᠷᠭᠡ ᠶᠢ ᠵᠣᠬᠢᠶᠠᠨ  ᠪᠠᠶᠢᠭᠤᠯᠤᠨ ᠬᠡᠷᠡᠭᠵᠢᠭᠦᠯᠬᠦ ᠶᠢ ᠪᠦᠭᠦ ᠬᠦᠴᠦᠨ ᠢᠶᠠᠷ ᠢᠶᠠᠨ  ᠰᠠᠶᠢᠳᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃          ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ  ᠪᠠᠶᠢᠩᠭᠤ ᠶᠢᠨ ᠭᠡᠰᠢᠭᠦᠨ᠂ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠳᠡᠳ᠋ ᠡᠷᠭᠢᠯᠡᠭᠴᠢ ᠯᠢ ᠴᠢᠶᠠᠩ᠂ ᠸᠠᠩ  ᠬᠤᠤ ᠨᠢᠩ᠂ ᠼᠠᠢ ᠴᠢ   ᠬᠤᠷᠠᠯ  ᠳᠤ ᠣᠷᠣᠯᠴᠠᠵᠠᠢ᠃          ᠬᠤᠷᠠᠯ ᠠᠴᠠ ︽ᠲᠥᠪ ᠤᠨ ᠪᠠ ᠲᠥᠷᠥ ᠶᠢᠨ  ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ︿ᠲᠣᠭᠲᠠᠭᠠᠯ﹀ ᠤᠨ ᠴᠢᠬᠤᠯᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠬᠡᠷᠡᠭᠵᠢᠭᠦᠯᠬᠦ ᠠᠵᠢᠯ ᠤᠨ ᠬᠤᠪᠢᠶᠠᠷᠢᠯᠠᠯ ᠤᠨ ᠲᠥᠰᠥᠯ︾᠂ ︽ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠳᠡᠭᠡᠭᠰᠢᠯᠡᠭᠦᠯᠭᠦ  ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠤᠬᠠᠢ ᠰᠠᠨᠠᠯ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ ᠪᠠᠲᠤᠯᠠᠪᠠ᠃          ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ  ᠭᠦᠨᠵᠡᠭᠡᠶᠢᠷᠡᠭᠦᠯᠬᠦ ᠲᠤᠬᠠᠢ ᠪᠦᠭᠦ ᠲᠠᠯ᠎ᠠ ᠶᠢᠨ  ᠪᠠᠶᠢᠷᠢᠯᠠᠭᠤᠯᠤᠯᠲᠠ ᠬᠢᠵᠦ᠂ 300 ᠭᠠᠷᠤᠢ ᠵᠦᠢᠯ ᠤᠨ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠣᠭᠲᠠᠭᠠᠪᠠ᠃ ᠥᠭᠡᠷᠡᠴᠢᠯᠡᠯᠲᠡ ᠳᠠᠬᠢ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠵᠢᠭᠠᠪᠤᠷᠢ ᠠᠪᠴᠤ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠥᠭᠡᠷᠡᠴᠢᠯᠡᠯᠲᠡ ᠶᠢᠨ  ᠪᠠᠶᠢᠯᠳᠤᠬᠤ ᠪᠣᠳᠣᠯᠭ᠎ᠠ ᠶᠢᠨ ᠭᠤᠣᠯᠳᠠᠯᠭ᠎ᠠ ᠪᠣᠯᠣᠨ ᠤᠷᠢᠳ ᠢᠶᠠᠷ ᠪᠣᠳᠣᠯᠬᠢᠯᠠᠬᠤ ᠴᠢᠭᠯᠡᠯ ᠢ ᠣᠨᠣᠪᠴᠢᠲᠠᠢ ᠡᠵᠡᠮᠳᠡᠵᠦ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠡᠮᠦᠨ᠎ᠡ  ᠬᠤᠶᠢᠨᠠᠬᠢ ᠲᠡᠰ ᠳᠠᠷᠠᠭᠠᠯᠠᠯ᠂ ᠭᠦᠭ  ᠠᠶᠢᠵᠠᠮ ᠴᠠᠭ ᠲᠣᠭᠢᠶᠠᠯ ᠢ ᠵᠣᠬᠢᠰᠲᠠᠢ ᠲᠣᠬᠢᠷᠠᠭᠤᠯᠬᠤ ᠬᠡᠷᠡᠭᠲᠡᠢ᠃ ᠥᠭᠡᠷᠡᠴᠢᠯᠡᠯᠲᠡ ᠶᠢ ᠠᠵᠤ ᠠᠬᠤᠢ  ᠨᠡᠶᠢᠭᠡᠮ ᠤᠨ ᠬᠥᠭᠵᠢᠯᠲᠡ ᠯᠦᠭᠡ ᠨᠡᠩ  ᠨᠢᠭᠲᠠ ᠤᠶᠠᠯᠳᠤᠭᠤᠯᠵᠤ᠂ ᠪᠡᠯᠭᠡ ᠲᠡᠮᠳᠡᠭ ᠤᠨ ᠴᠢᠨᠠᠷᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠦᠷᠭᠡᠳᠬᠡᠨ  ᠨᠠᠶᠢᠳᠠᠪᠤᠷᠢᠵᠢᠭᠤᠯᠬᠤ ᠬᠡᠷᠡᠭᠲᠡᠢ᠃ ᠥᠭᠡᠷᠡᠴᠢᠯᠡᠯᠲᠡ ᠶᠢ ᠰᠢᠰᠲ᠋ᠧᠮᠵᠢᠭᠦᠯᠦᠨ ᠬᠤᠷᠠᠮᠳᠤᠭᠤᠯᠬᠤ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠲᠦᠷᠦ ᠶᠢᠨ ᠪᠣᠳᠣᠯᠭ᠎ᠠ ᠶᠢᠨ ᠨᠢᠭᠡᠳᠦᠯᠲᠦ ᠴᠢᠨᠠᠷ ᠲᠠᠢ ᠪᠤᠯᠬᠤ ᠶᠢ ᠴᠢᠩᠭᠠᠳᠬᠠᠵᠤ᠂ ᠠᠵᠤ ᠠᠬᠤᠢ  ᠨᠡᠶᠢᠭᠡᠮ ᠤᠨ ᠬᠥᠭᠵᠢᠯᠲᠡ ᠳᠤ ᠦᠵᠡᠭᠦᠯᠭᠦ ᠨᠥᠯᠥᠭᠡ ᠶᠢ ᠰᠠᠨᠠᠭᠠᠴᠢᠯᠠᠭ᠎ᠠ ᠠᠴᠠ ᠪᠠᠨ ᠦᠨᠡᠯᠡᠵᠦ᠂ ᠥᠭᠡᠷᠡᠴᠢᠯᠡᠯᠲᠡ ᠪᠠ ᠬᠥᠭᠵᠢᠯᠲᠡ ᠶᠢᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃          ᠬᠤᠷᠠᠯ ᠠᠴᠠ᠂ ᠥᠭᠡᠷᠡᠴᠢᠯᠡᠯᠲᠡ ᠶᠢ ᠠᠬᠢᠭᠤᠯᠤᠨ  ᠨᠠᠶᠢᠳᠠᠪᠤᠷᠢᠵᠢᠭᠤᠯᠬᠤ ᠲᠣᠭᠲᠠᠴᠠ ᠶᠢ ᠰᠢᠯᠢᠳᠡᠭᠵᠢᠭᠦᠯᠵᠦ᠂ ᠴᠢᠬᠤᠯᠠ ᠶᠡᠭᠡ ᠠᠰᠠᠭᠤᠳᠠᠯ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠬᠤ ᠬᠡᠷᠡᠭᠲᠡᠢ᠃ ᠡᠯ᠎ᠡ ᠳᠠᠭᠠᠭᠤᠯᠤᠭᠴᠢ ᠨᠢᠭᠡᠴᠢ ᠪᠣᠯᠣᠨ ᠣᠷᠣᠯᠴᠠᠭᠴᠢ ᠨᠢᠭᠡᠴᠢ ᠨᠦᠭᠦᠳ ᠵᠣᠷᠢᠭᠲᠠᠢ ᠪᠠᠷ ᠡᠭᠦᠷᠭᠡᠯᠡᠵᠦ᠂ ᠦᠨᠡᠨ  ᠬᠦ ᠠᠳᠬᠤᠨ ᠪᠣᠳᠠᠲᠠᠢ ᠠᠵᠢᠯᠯᠠᠵᠤ᠂ ᠴᠢᠬᠤᠯᠠ ᠶᠡᠭᠡ ᠥᠭᠡᠷᠡᠴᠢᠯᠡᠯᠲᠡ ᠶᠢᠨ  ᠪᠠᠶᠢᠴᠠᠭᠠᠨ ᠰᠤᠳᠤᠯᠵᠤ ᠨᠤᠲᠠᠯᠠᠬᠤ ᠶᠢ ᠴᠢᠩᠭᠠᠳᠬᠠᠨ᠂ ᠥᠭᠡᠷᠡᠴᠢᠯᠡᠯᠲᠡ ᠶᠢᠨ ᠵᠣᠬᠢᠶᠠᠨ  ᠪᠠᠶᠢᠭᠤᠯᠵᠤ ᠬᠡᠷᠡᠭᠵᠢᠭᠦᠯᠬᠦ ᠲᠥᠰᠥᠯ ᠢ ᠲᠣᠭᠲᠠᠭᠠᠬᠤ ᠬᠡᠷᠡᠭᠲᠡᠢ᠃ ᠥᠭᠡᠷᠡᠴᠢᠯᠡᠯᠲᠡ ᠶᠢᠨ ᠱᠠᠯᠠᠪᠳᠠᠭᠤᠯᠤᠨ  ᠪᠠᠶᠢᠴᠠᠭᠠᠬᠤ ᠦᠨᠡᠯᠡᠨ ᠵᠢᠰᠢᠵᠦ ᠦᠷ᠎ᠡ ᠪᠦᠲᠦᠮᠵᠢ ᠶᠢ ᠠᠰᠠᠭᠤᠬᠤ᠂ ᠲᠣᠭᠤᠷᠢᠨ  ᠪᠠᠶᠢᠴᠠᠭᠠᠬᠤ ᠴᠠᠭᠳᠠᠨ  ᠪᠠᠶᠢᠴᠠᠭᠠᠬᠤ ᠵᠡᠷᠭᠡ ᠠᠵᠢᠯ ᠢ ᠴᠢᠩᠭᠠᠳᠬᠠᠵᠤ᠂ ᠪᠣᠳᠠᠲᠤ ᠠᠮᠵᠢᠯᠲᠠ ᠪᠣᠳᠠᠲᠤ ᠦᠷ᠎ᠡ ᠪᠦᠲᠦᠮᠵᠢ ᠪᠠ ᠠᠷᠠᠳ ᠤᠯᠠᠨ ᠤ ᠬᠠᠨᠤᠮᠵᠢ ᠶᠢᠨ ᠬᠡᠮᠵᠢᠶ᠎ᠡ ᠪᠠᠷ ᠥᠭᠡᠷᠡᠴᠢᠯᠡᠯᠲᠡ ᠶᠢ ᠰᠢᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃          ᠬᠤᠷᠠᠯ ᠠᠴᠠ᠂ ᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠠᠴᠠ  ᠪᠠᠶᠢᠷᠢᠯᠠᠭᠤᠯᠤᠨ   ᠪᠠᠶᠢᠭᠤᠯᠤᠭᠰᠠᠨ 22 ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷᠲᠠᠢ ᠳᠦᠷᠢᠮ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠡᠭᠦᠳᠴᠦ᠂ ᠥᠭᠡᠷᠡᠴᠢᠯᠡᠯᠲᠡ ᠨᠡᠭᠡᠭᠡᠯᠲᠡ ᠶᠢᠨ  ᠶᠡᠷᠦᠩᠬᠡᠶᠢᠯᠡᠭᠰᠡᠨ ᠲᠤᠷᠰᠢᠯᠲᠠ ᠶᠢᠨ ᠲᠠᠪᠴᠠᠩ ᠤᠨ ᠦᠢᠯᠡᠳᠦᠯ ᠢ ᠪᠦᠲᠦᠮᠵᠢᠲᠡᠢ ᠪᠠᠳᠠᠷᠠᠭᠤᠯᠪᠠ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ  ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ  ᠨᠠᠶᠢᠳᠠᠪᠤᠷᠢᠵᠢᠭᠤᠯᠵᠤ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠳᠡᠭᠡᠭᠰᠢᠯᠡᠭᠦᠯᠭᠦ  ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢᠨ ᠵᠣᠷᠢᠯᠭ᠎ᠠ ᠨᠠᠩ ᠥᠷᠭᠡᠨ ᠬᠦᠷᠢᠶ᠎ᠡ ᠴᠠᠷᠠᠭ᠎ᠠ᠂ ᠨᠠᠩ ᠭᠦᠨ ᠲᠠᠰ ᠳᠠᠪᠬᠤᠷᠭ᠎ᠠ ᠳᠤ ᠰᠦᠪᠡᠭᠴᠢᠯᠡᠯᠲᠡ ᠬᠢᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢᠨ ᠲᠦᠪᠰᠢᠨ᠂ ᠰᠢᠰᠲ᠋ᠧᠮᠲᠦ ᠴᠢᠨᠠᠷᠲᠠᠢ ᠥᠭᠡᠷᠡᠴᠢᠯᠡᠯᠲᠡ ᠶᠢᠨ ᠦᠷ᠎ᠡ ᠪᠦᠲᠦᠮᠵᠢ᠂ ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢᠨ ᠶᠠᠰᠤ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠭᠦ ᠶᠢ ᠪᠡᠶᠡᠯᠡᠭᠦᠯᠬᠦ ᠶᠢᠨ ᠲᠥᠯᠥᠭᠡ ᠶᠤᠮ᠃ ᠥᠨᠳᠥᠷ ᠲᠦᠪᠰᠢᠨ ᠪᠦᠬᠦᠢ ᠨᠡᠭᠡᠭᠡᠯᠲᠡ ᠪᠠᠷ ᠬᠥᠲᠥᠯᠥᠨ ᠳᠠᠭᠠᠭᠤᠯᠬᠤ᠂ ᠳᠦᠷᠢᠮ ᠤᠨ ᠰᠢᠨ᠎ᠡ ᠶᠢ ᠡᠭᠦᠳᠬᠦ ᠪᠠᠷ ᠭᠤᠣᠯ ᠪᠤᠯᠭᠠᠬᠤ ᠶᠢ ᠪᠠᠷᠢᠮᠲᠠᠯᠠᠵᠤ᠂ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠶᠢ ᠵᠣᠷᠢᠭᠵᠢᠭᠤᠯᠵᠤ᠂ ᠠᠩᠬᠠᠨ ᠤ ᠡᠭᠦᠳᠦᠯᠲᠡ ᠶᠢᠨ ᠴᠢᠨᠠᠷᠲᠠᠢ᠂ ᠬᠤᠷᠠᠮᠠᠯ ᠮᠠᠶ᠋ᠢᠭ ᠤᠨ ᠰᠦᠪᠡᠭᠴᠢᠯᠡᠯᠲᠡ ᠶᠢ ᠥᠷᠨᠢᠭᠦᠯᠵᠦ᠂ ᠪᠦᠭᠦ ᠠᠵᠤ ᠦᠢᠯᠡᠰ ᠤᠨ ᠬᠡᠯᠬᠢᠶ᠎ᠡ ᠶᠢᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂ ᠭᠠᠳᠠᠭᠠᠳᠤ ᠠᠷᠠᠯᠵᠢᠶᠠᠨ ᠤ  ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢ ᠴᠢᠩᠭᠠᠷᠠᠭᠤᠯᠵᠤ᠂ ᠪᠡᠯᠡ ᠣᠷᠣᠭᠤᠯᠤᠯᠲᠠ ᠴᠢᠯᠦᠭᠡᠲᠡᠢ  ᠪᠠᠶᠢᠬᠤ ᠳᠥᠭᠦᠮ ᠪᠤᠯᠬᠤ ᠶᠢ ᠠᠬᠢᠭᠤᠯᠵᠤ᠂ ᠠᠷᠠᠯᠵᠢᠶ᠎ᠠ᠂ ᠪᠡᠯᠡ ᠤᠷᠤᠭᠤᠯᠤᠯᠲᠠ᠂ ᠪᠡᠯᠡ ᠮᠥᠩᠭᠦ ᠶᠢᠨ ᠭᠦᠢᠯᠭᠡᠭᠡ᠂ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠰ ᠤᠨ ᠶᠠᠪᠤᠯᠴᠠᠭ᠎ᠠ ᠴᠢᠯᠦᠭᠡᠲᠡᠢ ᠪᠥᠭᠡᠳ ᠲᠥᠭᠦᠮ  ᠪᠠᠶᠢᠬᠤ ᠪᠠ ᠲᠤᠭ᠎ᠠ ᠪᠠᠷᠢᠮᠲᠠ ᠶᠢᠨ ᠠᠮᠤᠷ ᠲᠦᠪᠰᠢᠨ ᠡᠮᠬᠢ ᠵᠢᠷᠤᠮ ᠲᠠᠢ ᠭᠦᠢᠯᠭᠡᠭᠡ ᠪᠠᠷ ᠭᠤᠣᠯᠳᠠᠯᠭ᠎ᠠ ᠪᠤᠯᠭᠠᠬᠰᠠᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠨᠠᠩ ᠲᠡᠭᠦᠯᠳᠡᠷᠵᠢᠭᠦᠯᠬᠦ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠳᠦᠷᠢᠮ᠂ ᠲᠣᠭᠲᠠᠭᠠᠯ᠂ ᠬᠠᠮᠢᠶᠠᠷᠤᠯᠲᠠ᠂ ᠪᠠᠷᠢᠮᠵᠢᠶ᠎ᠠ ᠵᠡᠷᠭᠡ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ᠠᠶᠤᠯ ᠲᠦᠭᠰᠢᠭᠦᠷᠢ ᠶᠢ  ᠰᠡᠷᠭᠡᠶᠢᠯᠡᠨ ᠡᠵᠡᠮᠳᠡᠬᠦ ᠴᠢᠳᠠᠪᠤᠷᠢ ᠪᠠᠨ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃          ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ  ᠭᠦᠨᠵᠡᠭᠡᠶᠢᠷᠡᠭᠦᠯᠬᠦ ᠬᠤᠷᠢᠶ᠎ᠠ ᠶᠢᠨ ᠭᠡᠰᠢᠭᠦᠳ ᠬᠤᠷᠠᠯ ᠳᠤ ᠣᠷᠣᠯᠴᠠᠵᠤ᠂ ᠲᠥᠪ ᠤᠨ ᠪᠠ ᠲᠦᠷᠦ ᠶᠢᠨ  ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃ ᠳᠡᠪᠰᠢᠭᠦᠯᠦᠭᠴᠢ᠄  ᠲᠡᠷᠭᠡᠯ 
 
ᠢᠷᠡᠯᠲᠡ᠄ ᠦᠪᠦᠷ ᠮᠤᠩᠭᠤᠯ   ᠤᠨ ᠵᠠᠰᠠᠭ  ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2