ᠰᠢ ᠶᠢᠨ ᠫᠢᠩ ᠭᠠᠨᠰᠤ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ ᠥᠭᠡᠷᠡᠴᠢᠯᠡᠯᠲᠡ ᠶᠢ | ᠭᠦᠨᠵᠡᠭᠡᠶ᠋ᠢᠷᠡᠭᠦᠯᠵᠦ ᠵᠣᠷᠢᠭᠲᠠᠢ ᠪᠠᠷ ᠰᠢᠨ᠎ᠡ ᠶᠢ ᠡᠭᠦᠳᠴᠦ ᠰᠢᠷᠭᠠᠭᠤ ᠠᠵᠢᠯᠯᠠᠵᠤ ᠪᠣᠳᠠᠲᠠᠢ ᠠᠵᠢᠯᠯᠠᠨ ᠠᠷᠠᠳ ᠢ | ᠪᠠᠶᠠᠵᠢᠭᠤᠯᠵᠤ ᠭᠠᠨᠰᠤ ᠪᠠᠨ ᠬᠥᠭᠵᠢᠭᠦᠯᠦᠨ ᠮᠠᠨᠳᠤᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠭᠠᠨᠰᠤ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠵᠠᠮ ᠵᠠᠭᠤᠷ᠎ᠠ ᠪᠠᠨ ᠱᠠᠨᠰᠢ ᠶᠢᠨ ᠪᠦ᠋ᠦ ᠵᠢᠢ ᠳᠤ ᠰᠢᠨᠵᠢᠯᠡᠨ | ᠪᠠᠶᠢᠴᠠᠭᠠᠪᠠ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ | | ᠰᠢᠨᠬᠤᠸᠠ ᠬᠤᠷᠢᠶ᠎ᠠ ᠶᠢᠨ ᠭᠠᠨᠰᠤ ᠶᠢᠨ ᠯᠠᠨᠵᠧᠦ / ᠱᠠᠨᠰᠢ ᠶᠢᠨ ᠪᠦ᠋ᠦ ᠵᠢᠢ ᠶᠢᠨ 9 ᠰᠠᠷ᠎ᠠ ᠶᠢᠨ 13 ᠤ ᠴᠠᠭᠢᠯᠭᠠᠨ | ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠶᠢᠷ᠎ᠠ ᠳᠤ | ᠭᠠᠨᠰᠤ ᠳᠤ ᠰᠢᠨᠵᠢᠯᠡᠨ ᠪᠠᠶᠢᠴᠠᠭᠠᠬᠤ ᠳᠠᠭᠠᠨ ᠭᠠᠨᠰᠤ ᠮᠤᠵᠢ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ | ᠬᠥᠭᠵᠢᠭᠦᠯᠬᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ | ᠬᠥᠭᠵᠢᠯᠲᠡ ᠶᠢᠨ ᠲᠤᠬᠠᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ | ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠤᠶᠢᠯᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ | ᠲᠠᠯ᠎ᠠ ᠪᠠᠷ ᠲᠤᠭᠤᠰᠢᠯᠠᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ | ᠭᠦᠭ ᠠᠶᠠᠰ ᠢ ᠪᠠᠷᠢᠮᠲᠠᠯᠠᠵᠤ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠢ ᠴᠢᠩᠭᠠᠳᠬᠠᠬᠤ᠂ ᠪᠣᠬᠢᠷᠳᠤᠯ ᠦᠭᠡᠢ | ᠪᠠᠭ᠎ᠠ ᠨᠡᠭᠦᠷᠡᠰᠦᠲᠥ᠋ᠷᠥᠭᠴᠢᠲᠦ ᠲᠠᠶᠢᠰᠢ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠲᠦᠷᠭᠡᠳᠬᠡᠬᠦ᠂ ᠥᠭᠡᠷᠡᠴᠢᠯᠡᠯᠲᠡ | ᠨᠡᠭᠡᠭᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠬᠤ᠂ ᠦᠨᠳᠦᠰᠦᠲᠡᠨ ᠤ | ᠪᠦᠯᠬᠦᠮᠳᠡᠯ ᠢ ᠠᠬᠢᠭᠤᠯᠬᠤ ᠵᠡᠷᠭᠡ ᠲᠠᠯ᠎ᠠ ᠪᠠᠷ ᠬᠦᠴᠦ ᠲᠠᠯᠪᠢᠵᠤ᠂ ᠵᠣᠯ ᠵᠢᠷᠭᠠᠯᠲᠤ ᠰᠠᠶᠢᠨ ᠰᠠᠶᠢᠬᠠᠨ ᠰᠢᠨ᠎ᠡ ᠭᠠᠨᠰᠤ ᠶᠢ | ᠲᠦᠷᠭᠡᠳᠬᠡᠨ ᠪᠠᠶᠢᠭᠤᠯᠵᠤ ᠂ ᠠᠷᠠᠳ ᠢ ᠪᠠᠶᠠᠵᠢᠭᠤᠯᠤᠨ ᠭᠠᠨᠰᠤ ᠪᠠᠨ ᠬᠥᠭᠵᠢᠭᠦᠯᠦᠨ ᠮᠠᠨᠳᠤᠭᠤᠯᠬᠤ ᠰᠢᠨ᠎ᠡ ᠪᠠᠶᠢᠳᠠᠯ ᠢ | ᠲᠠᠰᠤᠷᠠᠯᠲᠠ ᠦᠭᠡᠢ ᠡᠭᠦᠳᠴᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠭᠠᠨᠰᠤ ᠶᠢᠨ ᠬᠠᠭᠤᠳᠠᠰᠤ ᠶᠢ | ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | 9 ᠰᠠᠷ᠎ᠠ ᠶᠢᠨ 10 ᠠᠴᠠ 13 ᠤ ᠡᠳᠦᠷ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠭᠠᠨᠰᠤ ᠳᠤ ᠰᠢᠨᠵᠢᠯᠡᠨ ᠪᠠᠶᠢᠴᠠᠭᠠᠪᠠ᠃ | | | | | | | ᠵᠢᠷᠤᠭ ᠪᠣᠯ 11 ᠤ ᠦᠳᠡ ᠶᠢᠨ ᠡᠮᠦᠨ᠎ᠡ ᠰᠢ ᠶᠢᠨ ᠫᠢᠩ ᠮᠠᠢ ᠵᠢᠢ ᠲᠣᠭᠤᠷᠢᠭ ᠤᠨ ᠨᠠᠨ ᠱᠠᠨ ᠬᠤᠸᠠ ᠨᠢᠦ | ᠠᠯᠮᠤᠷᠠᠳ ᠤᠨ ᠰᠠᠭᠤᠷᠢᠨ ᠳᠤ ᠬᠦᠷᠴᠦ ᠰᠢᠨᠵᠢᠯᠡᠨ ᠪᠠᠶᠢᠴᠠᠭᠠᠬᠤ ᠳᠠᠭᠠᠨ ᠵᠢᠮᠢᠰ ᠤᠨ ᠤᠢ ᠳᠤ ᠣᠷᠣᠵᠤ᠂ ᠬᠠᠮᠢᠶ᠎ᠠ | ᠪᠦᠬᠦᠢ ᠲᠠᠷᠢᠮᠠᠯ᠂ ᠮᠡᠷᠭᠡᠵᠢᠯ ᠪᠣᠯᠣᠨ ᠬᠠᠮᠢᠶᠠᠷᠤᠯᠲᠠ ᠶᠢᠨ ᠪᠠᠶᠢᠳᠠᠯ ᠢ ᠤᠠᠶᠢᠯᠭᠠᠵᠤ ᠪᠠᠶᠢᠭ᠎ᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | 9 ᠰᠠᠷ᠎ᠠ ᠶᠢᠨ 10 ᠠᠴᠠ 13 ᠤ ᠡᠳᠦᠷ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠭᠠᠨᠰᠤ ᠳᠤ ᠰᠢᠨᠵᠢᠯᠡᠨ ᠪᠠᠶᠢᠴᠠᠭᠠᠪᠠ᠃ | | | | | | | ᠵᠢᠷᠤᠭ ᠪᠣᠯ 11 ᠤ ᠦᠳᠡ ᠶᠢᠨ ᠬᠤᠶᠢᠨ᠎ᠠ ᠰᠢ ᠶᠢᠨ ᠫᠢᠩ ᠯᠠᠨᠵᠧᠦ ᠬᠤᠳᠠ ᠶᠢᠨ ᠠᠨᠨᠢᠩ ᠲᠣᠭᠤᠷᠢᠭ ᠤᠨ ᠽᠣᠣ | ᠯᠢᠨ ᠰᠢ ᠨᠡᠶᠢᠭᠡᠮ ᠲᠣᠭᠤᠷᠢᠭ ᠤᠨ ᠠᠭᠤᠳᠠᠮ ᠲᠠᠯᠠᠪᠠᠢ ᠳᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠠᠢ | ᠳᠣᠲᠣᠨᠣ ᠪᠠᠷ ᠶᠠᠷᠢᠯᠴᠠᠵᠤ ᠪᠠᠶᠢᠭ᠎ᠠ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠸᠠᠩ ᠶᠧ ᠰᠡᠭᠦᠳᠡᠷᠯᠡᠪᠡ | 9 ᠰᠠᠷ᠎ᠠ ᠶᠢᠨ 10 ᠠᠴᠠ 13 ᠤ ᠡᠳᠦᠷ ᠪᠤᠯᠲᠠᠯ᠎ᠠ᠂ ᠰᠢ ᠶᠢᠨ ᠫᠢᠩ ᠭᠠᠨᠰᠤ ᠮᠤᠵᠢ ᠶᠢᠨ ᠨᠠᠮ ᠤᠨ ᠬᠤᠷᠢᠶ᠎ᠠ ᠶᠢᠨ | ᠱᠦᠵᠢ ᠬᠤ᠋ ᠴᠠᠩ ᠱᠧᠩ ᠪᠣᠯᠣᠨ ᠮᠤᠵᠢ ᠶᠢᠨ ᠳᠠᠷᠤᠭ᠎ᠠ ᠷᠧᠨ ᠵᠧᠨ ᠾᠧ ᠶᠢᠨ ᠪᠠᠷ᠎ᠠ ᠪᠤᠯᠣᠯᠭ᠎ᠠ ᠲᠠᠢ ᠪᠠᠷ ᠤᠷᠢᠳ | ᠬᠤᠵᠢᠳ ᠲᠢᠶᠠᠨ ᠱᠦᠢ᠂ ᠯᠠᠨᠵᠧᠦ ᠵᠡᠷᠭᠡ ᠭᠠᠵᠠᠷ ᠲᠤ ᠬᠦᠷᠴᠦ ᠰᠢᠨᠵᠢᠯᠡᠨ ᠪᠠᠶᠢᠴᠠᠭᠠᠪᠠ᠃ | 10 ᠤ ᠦᠳᠡ ᠶᠢᠨ ᠬᠤᠶᠢᠨ᠎ᠠ᠂ ᠰᠢ ᠶᠢᠨ ᠫᠢᠩ ᠲᠢᠶᠠᠨ ᠱᠦᠢ ᠬᠤᠳᠠ ᠳᠤ ᠪᠦᠭᠦ ᠤᠯᠤᠰ ᠤᠨ | ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠪᠤᠯᠬᠤ ᠹᠦ᠋ ᠰᠢ ᠰᠦᠮ᠎ᠡ ᠳᠤ | ᠰᠢᠨᠵᠢᠯᠡᠨ ᠪᠠᠶᠢᠴᠠᠭᠠᠵᠤ᠂ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠵᠤ ᠪᠠᠶᠢᠬᠤ ᠵᠡᠷᠭᠡ ᠪᠠᠶᠢᠳᠠᠯ ᠢ | ᠤᠶᠢᠯᠭᠠᠪᠠ᠃ ᠲᠡᠷᠡ᠂ ᠹᠦ᠋ ᠰᠢ ᠰᠦᠮ᠎ᠡ ᠮᠠᠰᠢ ᠥᠨᠳᠥᠷ ᠲᠡᠦᠬᠡ ᠰᠣᠶᠣᠯ ᠤᠨ ᠦᠨ᠎ᠡ ᠥᠷᠲᠡᠭ ᠲᠠᠢ ᠶᠤᠮ᠂ ᠡᠨᠡ ᠬᠦ᠋ | ᠬᠤᠪᠣᠷ ᠨᠠᠨᠳᠢᠨ ᠰᠣᠶᠣᠯ ᠤᠨ ᠥᠪ ᠢ ᠰᠠᠶᠢᠳᠤᠷ ᠬᠠᠮᠠᠭᠠᠯᠠᠨ ᠤᠯᠠᠮᠵᠢᠯᠠᠵᠤ᠂ ᠡᠪᠦᠭᠡ ᠳᠡᠭᠡᠳᠦᠰ ᠤᠨ ᠣᠶᠤᠨ ᠤᠬᠠᠭᠠᠨ | ᠪᠣᠯᠣᠨ ᠡᠭᠦᠳᠦᠨ ᠪᠦᠲᠦᠭᠡᠯᠲᠡ ᠪᠠᠷ ᠦᠷ᠎ᠡ ᠬᠤᠶᠢᠴᠢᠰ ᠢᠶᠠᠨ ᠡᠭᠦᠷᠢᠳᠡ ᠵᠣᠷᠢᠭᠵᠢᠭᠤᠯᠵᠤ᠂ ᠦᠨᠳᠦᠰᠦᠲᠡᠨ ᠤ | ᠣᠮᠣᠭᠰᠢᠯᠲᠤ ᠰᠡᠳᠬᠢᠯᠭᠡ ᠪᠣᠯᠣᠨ ᠢᠲᠡᠭᠡᠯ ᠵᠣᠷᠢᠭ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | 11 ᠤ ᠦᠳᠡ ᠶᠢᠨ ᠡᠮᠦᠨ᠎ᠡ᠂ ᠰᠢ ᠶᠢᠨ ᠫᠢᠩ ᠮᠠᠢ ᠵᠢᠢ ᠲᠣᠭᠤᠷᠢᠭ ᠤᠨ ᠨᠠᠨ ᠱᠠᠨ ᠬᠤᠸᠠ ᠨᠢᠦ ᠠᠯᠮᠤᠷᠠᠳ ᠤᠨ | ᠰᠠᠭᠤᠷᠢᠨ ᠳᠤ ᠬᠦᠷᠴᠦ ᠰᠢᠨᠵᠢᠯᠡᠨ ᠪᠠᠶᠢᠴᠠᠭᠠᠪᠠ᠃ ᠲᠡᠷᠡ ᠦᠵᠡᠭᠦᠯᠭᠡ ᠶᠢᠨ ᠰᠠᠮᠪᠠᠷ᠎ᠠ ᠶᠢ ᠦᠵᠡᠬᠦ ᠶᠢᠨ ᠳᠠᠭᠠᠤ ᠳᠤᠤ | ᠾᠧ ᠭᠤᠣᠯ ᠤᠨ ᠤᠰᠤ ᠶᠢ ᠲᠠᠲᠠᠵᠤ ᠤᠰᠤ ᠬᠠᠩᠭᠠᠬᠤ ᠢᠨᠵᠧᠨᠧᠷᠢᠩ ᠤᠨ ᠪᠠᠶᠢᠳᠠᠯ ᠤᠨ ᠲᠤᠬᠠᠢ ᠬᠠᠷᠢᠭᠤ | ᠮᠡᠳᠡᠭᠦᠯᠦᠯᠲᠡ ᠶᠢ ᠰᠣᠨᠣᠰᠴᠤ᠂ 2013 ᠣᠨ ᠤ ᠡᠬᠢ ᠪᠠᠷ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠢᠷᠡᠵᠦ ᠰᠢᠨᠵᠢᠯᠡᠨ | ᠪᠠᠶᠢᠴᠠᠭᠠᠵᠤ᠂ ᠪᠠᠷᠢᠯᠭ᠎ᠠ ᠶᠢᠨ ᠬᠦᠴᠢᠷ ᠠᠰᠠᠭᠤᠳᠠᠯ ᠢ ᠵᠢᠭᠠᠨ ᠵᠢᠯᠤᠭᠤᠳᠴᠤ ᠰᠢᠢᠳᠪᠦᠷᠢᠯᠡᠭᠰᠡᠨ ᠪᠠᠶᠢᠳᠠᠯ ᠢᠶᠠᠨ | ᠡᠷᠭᠢᠴᠡᠭᠦᠯᠪᠡ᠃ 600 ᠲᠦᠮᠡ ᠰᠢᠬᠠᠮ ᠤᠯᠠᠨ ᠲᠦᠮᠡᠨ ᠡᠭᠦᠨ ᠠᠴᠠ ᠬᠤᠶᠢᠰᠢᠳᠠ ᠭᠠᠰᠢᠭᠤᠨ ᠱᠣᠷᠪᠣᠭ ᠤᠰᠤ | ᠤᠤᠭᠤᠬᠤ ᠦᠭᠡᠢ ᠪᠣᠯᠤᠭᠰᠠᠨ ᠢ ᠰᠣᠨᠣᠰᠤᠭᠠᠳ ᠰᠢ ᠶᠢᠨ ᠫᠢᠩ ᠮᠠᠰᠢ ᠪᠠᠶᠠᠷᠯᠠᠪᠠ᠃ ᠲᠡᠷᠡ ᠬᠠᠮᠠᠭᠠᠯᠠᠯᠲᠠ ᠪᠠ | ᠬᠠᠮᠢᠶᠠᠷᠤᠯᠲᠠ ᠪᠠᠨ ᠴᠢᠩᠭᠠᠳᠬᠠᠵᠤ᠂ ᠡᠨᠡ ᠬᠦ᠋ ᠢᠨᠵᠧᠨᠧᠷᠢᠩ ᠢᠶᠠᠷ ᠵᠠᠮ ᠳᠠᠭᠠᠤ ᠶᠢᠨ ᠤᠯᠠᠨ ᠲᠦᠮᠡᠨ ᠤ ᠦᠢᠯᠡᠳᠪᠦᠷᠢᠯᠡᠯ | ᠠᠮᠢᠳᠤᠷᠠᠯ ᠤᠨ ᠳᠤᠮᠳᠠ ᠨᠡᠩ ᠶᠡᠭᠡ ᠦᠢᠯᠡᠳᠦᠯ ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃ | ᠰᠠᠯᠠᠭ᠎ᠠ ᠨᠠᠮᠠᠭ᠎ᠠ ᠪᠠᠨ ᠳᠠᠭᠠᠭᠠᠵᠤ ᠶᠠᠳᠠᠲᠠᠯ᠎ᠠ ᠰᠠᠭᠤᠭᠰᠠᠨ ᠬᠤᠸᠠ ᠨᠢᠦ ᠠᠯᠮᠤᠷᠠᠳ᠂ ᠡᠯᠪᠡᠭ ᠬᠤᠷᠢᠶᠠᠯᠲᠠ ᠶᠢᠨ | ᠦᠵᠡᠮᠵᠢ ᠶᠢ ᠭᠠᠶᠢᠬᠠᠭᠤᠯᠤᠨ᠎ᠠ᠃ ᠰᠢ ᠶᠢᠨ ᠫᠢᠩ ᠵᠢᠮᠢᠰ ᠤᠨ ᠤᠢ ᠳᠤ ᠣᠷᠣᠵᠤ᠂ ᠬᠠᠮᠢᠶ᠎ᠠ ᠪᠦᠬᠦᠢ ᠲᠠᠷᠢᠮᠠᠯ᠂ ᠮᠡᠷᠭᠡᠵᠢᠯ | ᠪᠣᠯᠣᠨ ᠬᠠᠮᠢᠶᠠᠷᠤᠯᠲᠠ ᠶᠢᠨ ᠪᠠᠶᠢᠳᠠᠯ ᠢ ᠤᠶᠢᠯᠭᠠᠪᠠ᠃ ᠲᠡᠷᠡ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢᠨ ᠵᠠᠩᠭᠢᠯᠠᠭ᠎ᠠ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠪᠤᠢ᠃ 70 ᠭᠠᠷᠤᠢ ᠵᠢᠯ | ᠪᠤᠶᠢᠵᠢᠭᠤᠯᠤᠨ ᠬᠥᠭᠵᠢᠭᠦᠯᠬᠦ ᠪᠠᠷ ᠳᠡᠮᠵᠢᠨ ᠬᠤᠸᠠ ᠨᠢᠦ ᠠᠯᠮᠤᠷᠠᠳ ᠤᠨ ᠲᠦᠷᠦᠯ ᠲᠡᠮᠳᠡᠭ ᠶᠠᠪᠤᠬᠤ ᠲᠤᠳᠤᠮ ᠨᠡᠷ᠎ᠡ | ᠠᠯᠳᠠᠷᠰᠢᠪᠠ᠃ ᠡᠭᠦᠯᠳᠡᠷ ᠢ ᠬᠠᠮᠠᠭᠠᠯᠠᠬᠤ ᠪᠠ ᠪᠤᠶᠢᠵᠢᠭᠤᠯᠬᠤ ᠶᠢ ᠴᠢᠩᠭᠠᠳᠬᠠᠵᠤ᠂ ᠲᠠᠷᠢᠮᠠᠯ ᠤᠨ ᠠᠷᠭ᠎ᠠ ᠭᠡᠯᠪᠡᠷᠢ ᠶᠢ | ᠰᠢᠯᠢᠳᠡᠭᠵᠢᠭᠦᠯᠦᠨ᠂ ᠡᠵᠡᠩᠨᠡᠨ ᠪᠣᠷᠣᠯᠠᠭᠤᠯᠬᠤ ᠵᠠᠭᠪᠤᠷ ᠤᠨ ᠰᠢᠨ᠎ᠡ ᠶᠢ ᠡᠭᠦᠳᠴᠦ᠂ ᠡᠨᠡ ᠬᠦ᠋ ᠣᠨᠴᠠᠯᠢᠭᠲᠤ ᠠᠵᠤ | ᠦᠢᠯᠡᠰ ᠢ ᠨᠠᠩ ᠪᠤᠵᠠᠭᠠᠶᠢᠷᠠᠭᠤᠯᠵᠤ᠂ ᠨᠠᠩ ᠣᠯᠠᠨ ᠣᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠡᠮᠡᠭᠳᠡᠭᠦᠯᠦᠨ | ᠪᠠᠶᠠᠵᠢᠭᠤᠯᠬᠤ ᠬᠡᠷᠡᠭᠲᠡᠢ ᠭᠡᠵᠡᠢ᠃ ᠲᠡᠷᠡ ᠨᠤᠲᠤᠭ ᠤᠨ ᠠᠬ᠎ᠠ ᠳᠡᠭᠦᠦ ᠨᠠᠷ ᠤᠨ ᠠᠮᠢᠳᠤᠷᠠᠯ ᠠᠯᠮᠤᠷᠠᠳ ᠰᠢᠭ᠋ ᠭᠠᠯ | ᠤᠯᠠᠭᠠᠨ ᠥᠭᠡᠳᠡᠷᠬᠡᠭ ᠪᠠᠶᠢᠬᠤ ᠶᠢ ᠵᠥᠩᠨᠡᠪᠡ᠃ | ᠲᠠᠷᠠᠭ᠎ᠠ ᠰᠢ ᠶᠢᠨ ᠫᠢᠩ ᠮᠠᠢ ᠵᠢᠢ ᠱᠠᠨ ᠠᠭᠤᠯᠠᠨ ᠤ ᠴᠢᠯᠠᠭᠤᠨ ᠠᠭᠤᠢ ᠳᠤ ᠬᠦᠷᠴᠦ᠂ ᠬᠥᠭᠦᠷᠭᠡᠨ ᠵᠠᠮ ᠢᠶᠠᠷ | ᠠᠯᠬᠤᠯᠠᠵᠤ 1600 ᠭᠠᠷᠤᠢ ᠵᠢᠯ ᠤᠨ ᠡᠮᠦᠨᠡᠬᠢ ᠠᠭᠤᠢ ᠪᠣᠯᠣᠨ ᠱᠤᠭᠤᠮᠠᠯ᠂ ᠬᠠᠨ᠎ᠠ ᠶᠢᠨ ᠵᠢᠷᠤᠭ ᠢ ᠨᠠᠷᠢᠨ ᠪᠠᠶᠢᠴᠠᠭᠠᠨ | ᠦᠵᠡᠵᠦ᠂ ᠬᠠᠮᠠᠭᠠᠯᠠᠨ ᠰᠡᠷᠭᠦᠭᠡᠬᠦ ᠠᠵᠢᠯᠲᠠᠳ ᠲᠠᠢ ᠳᠣᠲᠣᠨᠣ ᠪᠠᠷ ᠶᠠᠷᠢᠯᠴᠠᠪᠠ᠃ ᠰᠢ ᠶᠢᠨ ᠫᠢᠩ᠂ ᠮᠠᠨ ᠤ ᠤᠯᠤᠰ ᠤᠨ | ᠲᠦᠷᠪᠡᠨ ᠶᠡᠭᠡ ᠴᠢᠯᠠᠭᠤᠨ ᠠᠭᠤᠢ ᠪᠣᠯ ᠳᠤᠮᠳᠠᠳᠤ ᠶᠢᠨ ᠪᠣᠯᠪᠠᠰᠤᠨ ᠤ ᠦᠨᠡᠲᠦ ᠡᠷᠳᠡᠨᠢ ᠮᠥᠨ᠂ ᠴᠥᠮ ᠴᠢᠬᠤᠯᠠ | ᠲᠡᠦᠬᠡ ᠶᠢᠨ ᠦᠨ᠎ᠡ ᠦᠷᠳᠡᠭ᠂ ᠰᠣᠶᠣᠯ ᠤᠨ ᠦᠨ᠎ᠡ ᠦᠷᠳᠡᠭ ᠲᠠᠢ ᠶᠤᠮ ᠭᠡᠵᠡᠢ᠃ ᠲᠡᠷᠡ᠂ ᠲᠡᠦᠬᠡ ᠶᠢᠨ ᠳᠤᠷᠠᠰᠬᠠᠯᠲᠤ | ᠵᠦᠢᠯᠡᠰ ᠤᠨ ᠠᠵᠢᠯᠲᠠᠳ ᠤᠨ ︽ᠮᠦᠸᠧ ᠭᠤᠤ ᠶᠢᠨ ᠵᠣᠷᠢᠭ ᠰᠠᠨᠠᠭ᠎ᠠ︾ ᠶᠢ ᠦᠷᠭᠦᠯᠵᠢᠯᠡᠨ ᠪᠠᠷᠢᠮᠲᠠᠯᠠᠵᠤ᠂ ᠨᠢᠭᠡ | ᠰᠡᠳᠬᠢᠯ ᠢᠶᠠᠷ ᠤᠯᠤᠰ ᠤᠨ ᠲᠥᠯᠥᠭᠡ ᠦᠨᠡᠲᠦ ᠡᠷᠳᠡᠨᠢᠰ ᠢ ᠬᠠᠮᠠᠭᠠᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠢ ᠤᠯᠠᠮᠵᠢᠯᠠᠨ ᠰᠢᠨ᠎ᠡ ᠶᠢ ᠡᠭᠦᠳᠬᠦ᠂ ᠳᠤᠮᠳᠠᠳᠤ ᠶᠢᠨ ᠰᠣᠶᠣᠯ ᠤᠨ ᠨᠥᠯᠥᠭᠡᠯᠡᠬᠦ ᠬᠦᠴᠦᠨ ᠢ ᠴᠢᠩᠭᠠᠳᠬᠠᠬᠤ ᠳᠤ | ᠨᠡᠩ ᠶᠡᠭᠡ ᠬᠤᠪᠢ ᠨᠡᠮᠡᠷᠢ ᠦᠵᠡᠭᠦᠯᠭᠦ ᠶᠢ ᠬᠦᠰᠡᠪᠡ᠃ | 11 ᠤ ᠦᠳᠡ ᠶᠢᠨ ᠬᠤᠶᠢᠨ᠎ᠠ᠂ ᠰᠢ ᠶᠢᠨ ᠫᠢᠩ ᠯᠠᠨᠵᠧᠦ ᠬᠤᠳᠠ ᠳᠤ ᠰᠢᠨᠵᠢᠯᠡᠨ ᠪᠠᠶᠢᠴᠠᠭᠠᠪᠠ᠃ ᠠᠨᠨᠢᠩ | ᠲᠣᠭᠤᠷᠢᠭ ᠤᠨ ᠽᠣᠣ ᠯᠢᠨ ᠰᠢ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠪᠠ ᠤᠯᠠᠨ ᠲᠦᠮᠡᠨ ᠤ ᠦᠢᠯᠡᠴᠢᠯᠡᠭᠡᠨ ᠤ | ᠲᠥᠪ ᠲᠤ ᠲᠡᠷᠡ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ᠂ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ | ᠲᠠᠰᠤᠭ ᠪᠣᠯᠣᠨ ᠨᠡᠶᠢᠭᠡᠮ ᠲᠣᠭᠤᠷᠢᠭ ᠤᠨ ᠬᠤᠭᠤᠯᠠᠨ ᠭᠡᠷ ᠢ ᠪᠠᠶᠢᠴᠠᠭᠠᠨ ᠦᠵᠡᠵᠦ᠂ ᠨᠡᠶᠢᠭᠡᠮ ᠲᠣᠭᠤᠷᠢᠭ ᠤᠨ | ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢᠶᠠᠨ ᠪᠠᠳᠠᠷᠠᠭᠤᠯᠵᠤ ᠪᠠᠶᠢᠬᠤ᠂ ᠠᠷᠠᠳ ᠲᠤ ᠲᠦᠭᠦᠮ ᠦᠵᠡᠭᠦᠯᠵᠦ | ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠶᠢ ᠰᠢᠯᠢᠳᠡᠭᠵᠢᠭᠦᠯᠵᠦ ᠪᠠᠶᠢᠬᠤ᠂ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ ᠶᠢ ᠨᠠᠶᠢᠳᠠᠪᠤᠷᠢᠵᠢᠭᠤᠯᠵᠤ ᠪᠠᠶᠢᠬᠤ ᠵᠡᠷᠭᠡ ᠪᠠᠶᠢᠳᠠᠯ ᠢ ᠨᠠᠷᠢᠨ ᠠᠰᠠᠭᠤᠵᠤ᠂ ᠲᠤᠬᠠᠢ ᠶᠢᠨ ᠲᠠᠯᠠᠪᠠᠢ ᠳᠤ | ᠠᠵᠢᠯ ᠠᠴᠠ ᠪᠠᠨ ᠠᠮᠠᠷᠠᠭᠰᠠᠨ ᠬᠥᠮᠥᠰ ᠤᠨ ᠨᠠᠶᠢᠷᠠᠯ ᠳᠠᠭᠤᠤ ᠶᠢᠨ ᠪᠣᠯᠪᠠᠰᠤᠷᠠᠯ ᠢ ᠰᠣᠨᠢᠷᠬᠠᠪᠠ᠃ ᠲᠡᠷᠡ ᠪᠠᠰᠠ | ᠦᠢᠯᠡᠴᠢᠯᠡᠭᠡᠨ ᠤ ᠲᠥᠪ ᠤᠨ ᠬᠠᠵᠠᠭᠤ ᠳᠠᠬᠢ ᠯᠢᠦ ᠵᠢᠶᠠ ᠪᠦ᠋ᠦ ᠲᠣᠮᠢᠯᠠᠭᠰᠠᠨ ᠰᠠᠯᠪᠤᠷᠢ ᠳᠤ ᠬᠦᠷᠴᠦ᠂ ᠴᠠᠭᠳᠠᠭᠠᠨ ᠤ | ᠶᠠᠪᠤᠳᠠᠯ ᠤᠨ ᠬᠦᠴᠦᠨ ᠢ ᠳᠣᠷᠣᠭᠰᠢ ᠪᠠᠭᠤᠯᠭᠠᠭᠰᠠᠨ ᠠᠷᠭ᠎ᠠ ᠬᠢᠳᠡᠯ ᠪᠠ ᠦᠷ᠎ᠡ ᠪᠦᠲᠦᠮᠵᠢ ᠶᠢ ᠤᠶᠢᠯᠭᠠᠪᠠ᠃ ᠰᠢ ᠶᠢᠨ | ᠫᠢᠩ᠂ ᠰᠠᠭᠤᠭᠠᠯᠢ ᠠᠷᠠᠳ ᠤᠨ ᠪᠣᠳᠠᠲᠤ ᠬᠡᠷᠡᠭᠴᠡᠭᠡ ᠢᠯᠠᠩᠭᠤᠶ᠎ᠠ ᠥᠲᠡᠭᠦᠰ ᠨᠢᠯᠬᠠᠰ ᠤᠨ ᠠᠵᠢᠯ ᠵᠡᠷᠭᠡ | ᠭᠤᠣᠯᠳᠠᠯᠭ᠎ᠠ ᠲᠠᠢ ᠨᠢᠭᠲᠠ ᠤᠶᠠᠯᠳᠤᠭᠤᠯᠵᠤ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠦᠪᠰᠢᠨ ᠢ ᠲᠠᠰᠤᠷᠠᠯᠳᠠ | ᠦᠭᠡᠢ ᠳᠡᠭᠡᠭᠰᠢᠯᠡᠭᠦᠯᠭᠦ ᠬᠡᠷᠡᠭᠲᠡᠢ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ | ᠬᠥᠭᠵᠢᠭᠦᠯᠵᠦ᠂ ᠦᠨᠳᠦᠰᠦᠨ ᠱᠠᠲᠤᠨ ᠤ ᠵᠠᠰᠠᠯᠲᠠ ᠪᠣᠯᠣᠨ ᠨᠡᠶᠢᠭᠡᠮ ᠤᠨ ᠠᠮᠤᠷ ᠢ ᠬᠠᠮᠠᠭᠠᠯᠠᠬᠤ ᠠᠵᠢᠯ ᠢ ᠨᠡᠩ | ᠯᠠᠪᠳᠠᠭᠤᠨ ᠪᠠᠲᠤᠲᠠᠢ ᠬᠢᠬᠦ ᠬᠡᠷᠡᠭᠲᠡᠢ᠃ ᠬᠡᠯᠪᠡᠷᠢᠴᠢ ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠦᠨᠳᠦᠰᠦᠨ ᠱᠠᠲᠤᠨ ᠤ ᠺᠠᠳ᠋ᠷᠴᠤᠳ ᠢ ᠨᠡᠩ ᠤᠯᠠᠨ ᠴᠠᠭ ᠪᠠ ᠤᠶᠤᠨ | ᠴᠢᠳᠠᠯ ᠢᠶᠠᠨ ᠤᠯᠠᠨ ᠲᠦᠮᠡᠨ ᠳᠤ ᠦᠢᠯᠡᠴᠢᠯᠡᠬᠦ ᠳᠡᠭᠡᠷ᠎ᠡ ᠵᠠᠷᠤᠴᠠᠭᠤᠯᠬᠤ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | | ᠠᠵᠢᠯ ᠠᠴᠠ ᠪᠠᠨ ᠠᠮᠠᠷᠠᠭᠰᠠᠨ ᠠᠬᠠᠮᠠᠳ ᠨᠠᠮ ᠤᠨ ᠭᠡᠰᠢᠭᠦᠨ ᠯᠢ ᠽᠥᠩ ᠪᠢᠶᠣᠣ ᠶᠢᠨ ᠭᠡᠷ ᠲᠤ ᠰᠢ ᠶᠢᠨ ᠫᠢᠩ | ᠳᠡᠳᠡᠨ ᠤ ᠨᠢᠭᠡ ᠭᠡᠷ ᠤᠨ ᠲᠠᠢ ᠲᠣᠭᠤᠷᠢᠨ ᠰᠠᠭᠤᠵᠤ ᠵᠣᠭᠤᠭ ᠳᠡᠯᠭᠡᠪᠡ᠃ ᠨᠢᠭᠡ ᠭᠡᠷ ᠤᠨ ᠭᠤᠷᠪᠠᠨ ᠦᠶ᠎ᠡ ᠪᠠᠷ ᠢᠶᠠᠨ | ᠵᠣᠯ ᠵᠢᠷᠭᠠᠯ ᠲᠠᠢ ᠠᠮᠢᠳᠤᠷᠠᠵᠤ᠂ ᠪᠠᠶᠠᠷ ᠭᠦᠷ ᠲᠠᠢ ᠪᠠᠶᠢᠬᠤ ᠶᠢ ᠦᠵᠡᠭᠡᠳ ᠲᠡᠷᠡ ᠮᠠᠰᠢ ᠪᠠᠶᠠᠷᠯᠠᠪᠠ᠃ ᠰᠢ ᠶᠢᠨ ᠫᠢᠩ᠂ | ᠠᠷᠠᠳ ᠤᠨ ᠠᠮᠢᠳᠤᠷᠠᠯ ᠪᠣᠯ ᠬᠠᠮᠤᠭ ᠤᠨ ᠶᠡᠭᠡ ᠶᠠᠪᠤᠳᠠᠯ᠂ ᠠᠷᠠᠳ ᠤᠨ ᠠᠮᠢᠳᠤᠷᠠᠯ ᠪᠣᠯ ᠬᠠᠮᠤᠭ ᠤᠨ ᠴᠢᠬᠤᠯᠠ᠂ ᠨᠠᠮ ᠤᠨ | ᠲᠥᠪ ᠬᠤᠷᠢᠶ᠎ᠠ ᠨᠠᠰᠳᠤᠲᠠᠶᠢᠴᠤᠤᠨ ᠤᠨ ᠵᠣᠯ ᠵᠢᠷᠭᠠᠯ ᠠᠮᠤᠷ ᠠᠮᠤᠭᠤᠯᠠᠩ ᠢ ᠲᠦᠢᠯ ᠢᠶᠠᠷ ᠬᠠᠯᠠᠮᠵᠢᠯᠠᠵᠤ ᠪᠠᠶᠢᠨ᠎ᠠ᠂ | ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠨᠠᠰᠤᠵᠢᠯ ᠤᠨ ᠠᠰᠠᠷᠠᠮᠵᠢ᠂ ᠡᠮᠴᠢᠯᠡᠭᠡ ᠪᠣᠯᠣᠨ ᠨᠡᠶᠢᠭᠡᠮ | ᠲᠣᠭᠤᠷᠢᠭ ᠤᠨ ᠦᠢᠯᠡᠴᠢᠯᠡᠭᠡ ᠵᠡᠷᠭᠡ ᠲᠠᠯ᠎ᠠ ᠪᠠᠷ ᠮᠠᠰᠢ ᠶᠡᠭᠡ ᠬᠦᠴᠦ ᠣᠷᠣᠭᠤᠯᠪᠠ᠂ ᠦᠷᠭᠦᠯᠵᠢᠯᠡᠨ ᠬᠢᠵᠦ᠂ ᠬᠢᠬᠦ | ᠲᠤᠳᠤᠮ ᠰᠠᠶᠢᠨ ᠬᠢᠬᠦ ᠬᠡᠷᠡᠭᠲᠡᠢ ᠭᠡᠵᠦ ᠢᠯᠡᠳᠬᠡᠪᠡ᠃ | ᠨᠡᠶᠢᠭᠡᠮ ᠲᠣᠭᠤᠷᠢᠭ ᠤᠨ ᠠᠭᠤᠳᠠᠮ ᠲᠠᠯᠠᠪᠠᠢ ᠳᠡᠭᠡᠷ᠎ᠡ ᠰᠠᠭᠤᠭᠠᠯᠢ ᠠᠷᠠᠳ ᠬᠤᠶᠢᠨ᠎ᠠ ᠬᠤᠶᠢᠨ᠎ᠠ ᠠᠴᠠ ᠪᠠᠨ | ᠬᠦᠷᠦᠯᠴᠡᠨ ᠢᠷᠡᠵᠤ ᠬᠦᠷᠢᠶᠡᠯᠡᠨ ᠵᠣᠭᠰᠣᠵᠠᠭᠠᠪᠠ᠃ ᠰᠢ ᠶᠢᠨ ᠫᠢᠩ ᠤᠯᠠᠨ ᠳᠤ᠂ ᠪᠢᠳᠡ ᠤᠳᠠᠯ ᠦᠭᠡᠢ ᠰᠢᠨ᠎ᠡ ᠳᠤᠮᠳᠠᠳᠤ | ᠤᠯᠤᠰ ᠪᠠᠶᠢᠭᠤᠯᠤᠯᠭᠳᠠᠭᠰᠠᠨ 75 ᠵᠢᠯ ᠤᠨ ᠤᠢ ᠶᠢ ᠤᠭᠲᠤᠬᠤ ᠪᠣᠯᠣᠨ᠎ᠠ᠃ 75 ᠵᠢᠯ ᠤᠨ ᠲᠤᠷᠰᠢ ᠮᠠᠨ ᠤ ᠤᠯᠤᠰ ᠤᠨ | ᠬᠥᠭᠵᠢᠯᠲᠡ ᠠᠭᠤᠤ ᠶᠡᠭᠡ ᠲᠡᠦᠬᠡᠲᠦ ᠴᠢᠨᠠᠷᠲᠠᠢ ᠠᠮᠵᠢᠯᠲᠠ ᠣᠯᠪᠠ᠃ ᠤᠳᠤ ᠪᠦᠭᠦ ᠨᠠᠮ ᠪᠦᠭᠦ ᠤᠯᠤᠰ ᠤᠨ ᠠᠷᠠᠳ | ᠲᠦᠮᠡᠨ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠬᠦᠴᠦᠯᠡᠨ ᠠᠬᠢᠭᠤᠯᠵᠤ ᠪᠠᠶᠢᠨ᠎ᠠ᠂ ᠪᠢᠳᠡ ᠨᠡᠩ | ᠪᠦᠯᠬᠦᠮᠳᠡᠵᠦ᠂ ᠨᠡᠩ ᠴᠢᠷᠮᠠᠶᠢᠵᠤ᠂ ᠤᠯᠠᠨ ᠢᠶᠠᠷ ᠢᠶᠠᠨ ᠬᠠᠮᠲᠤ ᠪᠠᠷ ᠴᠢᠷᠮᠠᠶᠢᠨ ᠠᠵᠢᠯᠯᠠᠵᠤ᠂ ᠨᠡᠩ ᠶᠡᠭᠡ ᠭᠡᠷᠡᠯ | ᠰᠠᠴᠤᠷᠠᠩᠭᠤᠢ ᠰᠢᠨ᠎ᠡ ᠠᠮᠵᠢᠯᠲᠠ ᠶᠢ ᠡᠭᠦᠳᠦᠶ᠎ᠡ ᠭᠡᠵᠦ ᠬᠡᠯᠡᠪᠡ᠃ ᠲᠡᠷᠡ ᠤᠷᠢᠳᠴᠢᠯᠠᠨ ᠣᠯᠠᠨ ᠳᠤ ᠨᠠᠶᠢᠮᠠᠨ ᠰᠠᠷ᠎ᠠ ᠶᠢᠨ | ᠲᠡᠷᠭᠡᠯ ᠪᠠᠶᠠᠷ ᠤᠨ ᠵᠥᠩᠨᠡᠯ ᠳᠡᠪᠰᠢᠭᠦᠯᠵᠦ᠂ ᠠᠶᠢᠯ ᠭᠡᠷ ᠪᠣᠯᠭᠠᠨ ᠠᠮᠤᠷ ᠠᠮᠤᠭᠤᠯᠠᠩ᠂ ᠡᠷᠡᠭᠦᠯ ᠴᠢᠭᠢᠷᠠᠭ᠂ ᠪᠠᠶᠠᠷ | ᠭᠦᠷ ᠲᠠᠢ ᠪᠠᠶᠢᠬᠤ ᠶᠢ ᠵᠥᠩᠨᠡᠪᠡ᠃ | ᠲᠠᠷᠠᠭ᠎ᠠ ᠰᠢ ᠶᠢᠨ ᠫᠢᠩ ᠬᠠᠳᠤᠨ ᠭᠤᠣᠯ ᠤᠨ ᠯᠠᠨᠵᠧᠦ ᠶᠢᠨ ᠵᠦᠩᠱᠠᠨ ᠬᠥᠭᠦᠷᠭᠡ ᠶᠢᠨ ᠬᠡᠰᠡᠭ ᠲᠤ ᠬᠦᠷᠴᠦ | ᠰᠢᠨᠵᠢᠯᠡᠨ ᠪᠠᠶᠢᠴᠠᠭᠠᠪᠠ ᠃ ᠲᠡᠷᠡ ᠭᠤᠣᠯ ᠳᠠᠭᠠᠤ ᠶᠠᠪᠠᠭᠠᠨ ᠵᠠᠮ ᠢᠶᠠᠷ ᠪᠠᠶᠢᠴᠠᠭᠠᠨ ᠦᠵᠡᠵᠦ᠂ ᠬᠠᠳᠤᠨ ᠭᠤᠣᠯ ᠤᠨ | ᠠᠮᠢ ᠠᠬᠤᠢ ᠶᠢᠨ ᠬᠠᠮᠠᠭᠠᠯᠠᠯᠲᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃ ᠰᠢ ᠶᠢᠨ ᠫᠢᠩ ᠲᠤᠬᠠᠢ ᠶᠢᠨ | ᠲᠠᠯᠠᠪᠠᠢ ᠳᠤ ᠪᠠᠶᠢᠭᠰᠠᠨ ᠺᠠᠳ᠋ᠷ᠂ ᠤᠯᠠᠨ ᠲᠦᠮᠡᠨ ᠳᠤ ᠬᠠᠳᠤᠨ ᠭᠤᠣᠯ ᠪᠣᠯ ᠳᠤᠮᠳᠠᠳᠤ ᠶᠢᠨ ᠦᠨᠳᠦᠰᠦᠲᠡᠨ ᠤ ᠡᠵᠢ | ᠭᠤᠣᠯ ᠮᠥᠨ᠂ ᠯᠠᠨᠵᠧᠦ ᠪᠣᠯ ᠬᠠᠳᠤᠨ ᠭᠤᠣᠯ ᠬᠤᠳᠠ ᠶᠢᠨ ᠳᠤᠮᠳᠠᠭᠤᠷ ᠤᠷᠤᠰᠤᠨ ᠥᠩᠭᠡᠷᠡᠵᠦ ᠪᠠᠶᠢᠭ᠎ᠠ ᠴᠤᠷ ᠤᠨ | ᠭᠠᠭᠴᠠ ᠮᠤᠵᠢ ᠶᠢᠨ ᠲᠥᠪ ᠬᠤᠳᠠ ᠪᠣᠯᠣᠨ᠎ᠠ᠃ ᠤᠯᠠᠨ ᠢᠶᠠᠷ ᠢᠶᠠᠨ ᠠᠴᠢᠯᠠᠨ ᠲᠠᠯᠠᠷᠬᠠᠬᠤ ᠰᠡᠳᠬᠢᠯᠭᠡ ᠪᠠᠷ ᠬᠥᠮᠥᠨ | ᠪᠦᠭᠦᠨ ᠣᠷᠣᠯᠴᠠᠵᠤ᠂ ᠬᠥᠮᠥᠨ ᠪᠦᠭᠦᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠳᠤᠨ ᠭᠤᠣᠯ ᠢ ᠬᠠᠮᠲᠤ ᠪᠠᠷ | ᠰᠠᠶᠢᠳᠤᠷ ᠬᠠᠮᠠᠭᠠᠯᠠᠵᠤ᠂ ᠬᠠᠳᠤᠨ ᠭᠤᠣᠯ ᠢᠶᠠᠷ ᠦᠷ᠎ᠡ ᠬᠤᠶᠢᠴᠢᠰ ᠲᠠᠭᠠᠨ ᠦᠷᠭᠦᠯᠵᠢᠯᠡᠨ ᠠᠰᠢᠭ ᠬᠦᠷᠲᠡᠭᠡᠬᠦ ᠬᠡᠷᠡᠭᠲᠡᠢ | ᠭᠡᠪᠡ᠃ | 13 ᠤ ᠦᠳᠡ ᠶᠢᠨ ᠡᠮᠦᠨ᠎ᠡ᠂ ᠰᠢ ᠶᠢᠨ ᠫᠢᠩ ᠭᠠᠨᠰᠤ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ | ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠠᠨᠰᠤ ᠶᠢᠨ ᠡᠯ᠎ᠡ ᠵᠦᠢᠯ ᠤᠨ ᠠᠵᠢᠯ ᠳᠤ | ᠣᠯᠣᠭᠰᠠᠨ ᠠᠮᠵᠢᠯᠲᠠ ᠶᠢ ᠨᠤᠲᠠᠯᠠᠪᠠ᠃ | ᠰᠢ ᠶᠢᠨ ᠫᠢᠩ᠂ ᠭᠠᠨᠰᠤ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠢᠳᠡᠪᠬᠢᠲᠡᠢ ᠠᠬᠢᠭᠤᠯᠵᠤ᠂ | ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠡᠰ ᠳᠡᠪᠰᠢᠭᠦᠯᠬᠦ ᠶᠢ ᠲᠦᠷᠭᠡᠳᠬᠡᠵᠦ᠂ ᠣᠨᠴᠠᠯᠢᠭᠲᠤ ᠳᠠᠪᠠᠭᠤᠯᠢᠭ ᠠᠵᠤ | ᠦᠢᠯᠡᠰ ᠢᠶᠠᠨ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ | ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠪᠦᠭᠦ ᠤᠯᠤᠰ ᠤᠨ ᠴᠢᠬᠤᠯᠠ ᠰᠢᠨ᠎ᠡ ᠡᠨᠧᠷᠭᠢ ᠵᠢᠴᠢ ᠰᠢᠨ᠎ᠡ | ᠡᠨᠧᠷᠭᠢ ᠶᠢᠨ ᠲᠣᠨᠣᠭᠯᠠᠯ ᠦᠢᠯᠡᠳᠬᠦ ᠰᠠᠭᠤᠷᠢᠨ ᠢ ᠪᠠᠶᠢᠭᠤᠯᠬᠤ ᠬᠡᠷᠡᠭᠲᠡᠢ᠃ ᠣᠳᠣ ᠦᠶ᠎ᠡ ᠶᠢᠨ ᠬᠦᠢᠲᠡᠨ | ᠬᠠᠭᠤᠷᠠᠢ ᠶᠢᠨ ᠣᠨᠴᠠᠯᠢᠭᠲᠤ ᠲᠠᠷᠢᠶᠠᠯᠠᠩ ᠢ ᠢᠳᠡᠪᠬᠢᠲᠡᠢ ᠬᠥᠭᠵᠢᠭᠦᠯᠵᠦ᠂ ᠥᠷᠢᠰᠦᠯᠳᠦᠬᠦ ᠬᠦᠴᠦᠨ ᠪᠦᠬᠦᠢ ᠨᠢᠭᠡ | ᠪᠦᠯᠦᠭ ᠲᠠᠷᠢᠶᠠᠯᠠᠩ ᠤᠨ ᠲᠦᠷᠦᠯ ᠲᠡᠮᠳᠡᠭ ᠢ ᠪᠤᠶᠢᠵᠢᠭᠤᠯᠬᠤ ᠬᠡᠷᠡᠭᠲᠡᠢ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ | ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ | ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠯᠤᠰ ᠤᠨ ᠪᠠᠷᠠᠭᠤᠨ ᠣᠷᠣᠨ ᠤ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠡᠩ ᠶᠡᠭᠡ ᠰᠥᠰᠥ ᠵᠣᠷᠢᠭ ᠪᠣᠯᠣᠨ ᠡᠷᠡᠰ ᠵᠣᠷᠢᠭ ᠢᠶᠠᠷ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠨᠡᠭᠡᠭᠡᠯᠲᠡ ᠶᠢ ᠥᠷᠭᠡᠳᠬᠡᠬᠦ ᠬᠡᠷᠡᠭᠲᠡᠢ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ | ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠨ᠂ ᠤᠯᠤᠰ ᠤᠨ ᠥᠮᠴᠢᠯᠡᠯ ᠤᠨ ᠡᠳ᠋ ᠬᠥᠷᠥᠩᠭᠡ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠨᠡᠶᠢᠲᠡ ᠶᠢᠨ | ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠵᠣᠷᠢᠭᠵᠢᠭᠤᠯᠤᠨ ᠳᠡᠮᠵᠢᠬᠦ ᠬᠡᠷᠡᠭᠲᠡᠢ᠃ ᠬᠥᠮᠥᠨ ᠢᠶᠠᠷ | ᠦᠨᠳᠦᠰᠦ ᠪᠤᠯᠭᠠᠬᠤ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢ ᠰᠠᠶᠢᠳᠤᠷ | ᠬᠡᠷᠡᠭᠵᠢᠭᠦᠯᠵᠦ᠂ ᠰᠢᠶᠠᠨ ᠤ ᠬᠤᠲᠠ ᠶᠢᠨ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠂ ᠰᠢᠶᠠᠨ ᠤ | ᠬᠡᠪᠴᠢᠶᠡᠨ ᠤ ᠠᠵᠤ ᠠᠬᠤᠢ ᠶᠢ ᠪᠤᠵᠠᠭᠠᠶᠢᠷᠠᠭᠤᠯᠵᠤ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ | ᠬᠡᠷᠡᠭᠲᠡᠢ᠃ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶ᠋ᠢᠯᠳᠤᠬᠤ ᠪᠣᠳᠣᠯᠭ᠎ᠠ ᠳᠤ ᠰᠠᠨᠠᠭᠠᠴᠢᠯᠠᠭ᠎ᠠ ᠠᠴᠠ ᠪᠠᠨ | ᠦᠢᠯᠡᠴᠢᠯᠡᠬᠦ ᠪᠠ ᠵᠣᠯᠭᠠᠭᠤᠯᠵᠤ᠂ ᠮᠤᠵᠢ ᠣᠷᠣᠨ ᠠᠯᠤᠰᠯᠠᠭᠰᠠᠨ ᠬᠠᠮᠲᠤᠷᠠᠯᠴᠠᠭ᠎ᠠ ᠶᠢ ᠥᠷᠭᠡᠳᠬᠡᠵᠦ᠂ ︽ᠨᠢᠭᠡ ᠪᠦᠰᠡ | ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠪᠠ ᠪᠠᠷᠠᠭᠤᠨ ᠬᠡᠰᠡᠭ ᠤᠨ ᠡᠬᠡ ᠬᠠᠭᠤᠷᠠᠢ | ᠲᠡᠯᠡᠶ ᠶᠢᠨ ᠰᠢᠨ᠎ᠡ ᠵᠠᠮ ᠤᠨ ᠪᠦᠲᠦᠭᠡᠨ ᠪᠠᠶᠢᠭᠤᠯᠤᠯᠲᠠ ᠳᠤ ᠭᠦᠨᠵᠡᠭᠡᠢ ᠠᠭᠤᠰᠤᠯᠴᠠᠬᠤ ᠬᠡᠷᠡᠭᠲᠡᠢ ᠭᠡᠵᠦ ᠴᠢᠬᠤᠯᠠᠴᠢᠯᠠᠪᠠ᠃ | | ᠰᠢ ᠶᠢᠨ ᠫᠢᠩ᠂ ᠭᠠᠨᠰᠤ ᠶᠢᠨ ᠲᠡᠦᠬᠡ ᠰᠣᠶᠣᠯ ᠤᠨ ᠥᠪ ᠬᠥᠷᠥᠩᠭᠡ ᠭᠦᠨ ᠵᠤᠵᠠᠭᠠᠨ᠂ ᠬᠤᠪᠢᠰᠬᠠᠯ ᠤᠨ | ᠰᠣᠶᠣᠯ ᠤᠨ ᠡᠬᠢ ᠪᠠᠶᠠᠯᠢᠭ ᠡᠯᠪᠡᠭ ᠪᠠᠶᠠᠯᠢᠭ ᠶᠤᠮ᠃ ᠬᠤᠪᠢᠰᠬᠠᠯᠲᠤ ᠤᠳᠤᠮᠰᠢᠯ ᠢ ᠰᠠᠶᠢᠳᠤᠷ ᠤᠯᠠᠮᠵᠢᠯᠠᠨ ᠵᠠᠯᠭᠠᠮᠵᠢᠯᠠᠵᠤ | ᠂ ᠰᠣᠶᠣᠯ ᠤᠨ ᠥᠪ ᠤᠨ ᠬᠠᠮᠠᠭᠠᠯᠠᠯᠲᠠ ᠶᠢ ᠴᠢᠩᠭᠠᠳᠬᠠᠵᠤ᠂ ᠳ᠋ᠦ᠋ᠨᠬᠤᠸᠠᠩ ᠤᠨ ᠰᠤᠳᠤᠯᠭᠠᠨ ᠤ ᠬᠦᠷᠢᠶᠡᠯᠡᠩ ᠤᠨ | ᠳᠡᠯᠡᠬᠡᠢ ᠶᠢᠨ ᠰᠣᠶᠣᠯ ᠤᠨ ᠥᠪ ᠤᠨ ᠬᠠᠮᠠᠭᠠᠯᠠᠯᠲᠠ ᠶᠢᠨ ᠨᠡᠶᠢᠲᠡᠯᠢᠭ ᠵᠢᠰᠢᠶ᠎ᠡ ᠪᠣᠯᠣᠨ ᠳ᠋ᠦ᠋ᠨᠬᠤᠸᠠᠩ ᠤᠨ ᠰᠤᠳᠤᠯᠭᠠᠨ ᠤ | ᠥᠨᠳᠦᠷᠯᠢᠭ ᠢ ᠪᠦᠲᠦᠭᠡᠨ ᠪᠠᠶᠢᠭᠤᠯᠬᠤ ᠶᠢ ᠲᠡᠮᠵᠢᠵᠤ᠂ ᠤᠷᠳᠤ ᠴᠠᠭᠠᠨ ᠬᠡᠷᠡᠮ᠂ ᠤᠷᠳᠤ ᠵᠠᠮ ᠤᠨ ᠠᠶᠠᠨ ᠳᠠᠶᠢᠨ᠂ | ᠬᠠᠳᠤᠨ ᠭᠤᠣᠯ ᠤᠨ ᠤᠯᠤᠰ ᠤᠨ ᠰᠣᠶᠣᠯ ᠤᠨ ᠴᠡᠴᠡᠷᠯᠢᠭ ᠢ ᠰᠠᠶᠢᠳᠤᠷ ᠪᠦᠲᠦᠭᠡᠨ ᠪᠠᠶᠢᠭᠤᠯᠵᠤ᠂ ᠣᠳᠣᠬᠢᠴᠢᠯᠠᠬᠤ | ᠪᠦᠲᠦᠭᠡᠨ ᠪᠠᠶᠢᠭᠤᠯᠤᠯᠲᠠ ᠳᠤ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠨᠡᠮᠡᠷᠢᠯᠡᠬᠦ ᠬᠡᠷᠡᠭᠲᠡᠢ᠃ ᠰᠣᠶᠣᠯ ᠪᠠ | ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠰᠣᠶᠣᠯ ᠵᠢᠭᠤᠯᠴᠢᠯᠠᠯ ᠤᠨ ᠦᠢᠯᠡᠰ ᠢ ᠲᠤᠯᠭᠠᠭᠤᠷᠢ ᠠᠵᠤ | ᠦᠢᠯᠡᠰ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠡᠶᠢᠭᠡᠮ ᠤᠨ ᠪᠠᠶᠢᠭᠤᠯᠤᠯᠲᠠ ᠪᠣᠯᠣᠨ ᠵᠠᠰᠠᠯᠲᠠ ᠶᠢ ᠴᠢᠩᠭᠠᠳᠬᠠᠵᠤ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤ ᠪᠠᠷ ᠪᠠᠶᠠᠵᠢᠬᠤ ᠰᠠᠭᠤᠷᠢ ᠶᠢ ᠪᠠᠬᠢᠵᠢᠭᠦᠯᠬᠦ ᠬᠡᠷᠡᠭᠲᠡᠢ᠃ | ᠬᠦᠴᠦᠨ ᠢᠶᠠᠨ ᠲᠥᠪᠯᠡᠷᠡᠭᠦᠯᠦᠨ ᠤᠯᠠᠨ ᠲᠦᠮᠡᠨ ᠤ ᠨᠡᠶᠢᠳᠡᠮ ᠤᠨ ᠬᠡᠷᠡᠭᠴᠡᠭᠡ᠂ ᠪᠦᠲᠦᠭᠡᠵᠦ ᠳᠡᠶᠢᠯᠬᠦ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠳᠤᠷ ᠬᠢᠵᠦ᠂ ᠤᠯᠠᠨ ᠲᠦᠮᠡᠨ ᠢ ᠮᠡᠳᠡᠷᠡᠵᠦ ᠳᠡᠶᠢᠯᠬᠦ ᠬᠦᠷᠲᠡᠵᠦ ᠳᠡᠶᠢᠯᠬᠦ ᠶᠢ | ᠪᠡᠶᠡᠯᠡᠭᠦᠯᠬᠦ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠤ ᠬᠥᠮᠥᠨ ᠠᠮᠠ ᠶᠢᠨ ᠬᠡᠪᠴᠢᠶᠡᠲᠦ ᠴᠢᠨᠠᠷᠲᠠᠢ ᠪᠠᠷ ᠲᠠᠭᠢᠨ | ᠶᠠᠳᠠᠭᠤᠷᠠᠬᠤ ᠪᠠ ᠶᠠᠳᠠᠭᠤᠷᠠᠬᠤ ᠪᠣᠯᠣᠮᠵᠢ ᠲᠠᠢ ᠪᠤᠯᠬᠤ ᠠᠴᠠ ᠰᠡᠷᠭᠡᠶᠢᠯᠡᠬᠦ ᠬᠡᠷᠡᠭᠲᠡᠢ᠃ ᠬᠥᠳᠡᠭᠡ ᠲᠣᠰᠬᠤᠨ ᠤ ᠪᠣᠯᠬᠢ | ᠪᠦᠳᠦᠭᠦᠯᠢᠭ ᠵᠠᠩ ᠰᠤᠷᠲᠠᠯ ᠢ ᠥᠭᠡᠷᠡᠴᠢᠯᠡᠬᠦ ᠶᠢ ᠠᠬᠢᠭᠤᠯᠵᠤ᠂ ᠬᠥᠳᠡᠭᠡ ᠨᠤᠲᠤᠭ ᠤᠨ ᠪᠣᠯᠪᠠᠰᠤᠨ ᠰᠤᠷᠲᠠᠯ ᠢ | ᠪᠤᠶᠢᠵᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ | ᠦᠭᠡᠢ ᠪᠠᠲᠤ ᠴᠣᠭᠴᠠᠯᠠᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠵᠠᠰᠠᠯᠲᠠ ᠶᠢ ᠬᠠᠤᠯᠢ ᠶᠣᠰᠣᠭᠠᠷ | ᠴᠢᠩᠭᠠᠳᠬᠠᠬᠤ ᠬᠡᠷᠡᠭᠲᠡᠢ᠃ ᠴᠢᠯᠠᠭᠤ ᠬᠤᠷᠠᠭᠰᠠᠨ ᠠᠭᠤᠯᠠᠷᠬᠠᠭ ᠭᠠᠵᠠᠷ ᠤᠨ ᠭᠠᠵᠠᠷ ᠬᠥᠳᠡᠯᠦᠯᠲᠡ ᠶᠢᠨ ᠭᠠᠮᠰᠢᠭᠳᠠᠭᠰᠠᠨ | ᠣᠷᠣᠨ ᠵᠡᠷᠭᠡ ᠭᠠᠮᠰᠢᠭᠳᠠᠭᠰᠠᠨ ᠣᠯᠠᠨ ᠲᠦᠮᠡᠨ ᠤ ᠠᠮᠢᠳᠤᠷᠠᠯ ᠤᠨ ᠪᠠᠲᠤᠯᠠᠭ᠎ᠠ ᠪᠠ ᠭᠠᠮᠰᠢᠭ ᠤᠨ ᠳᠠᠷᠠᠭᠠᠬᠢ ᠰᠡᠷᠭᠦᠭᠡᠨ | ᠲᠠᠭᠢᠨ ᠪᠦᠲᠦᠭᠡᠨ ᠪᠠᠶᠢᠭᠤᠯᠬᠤ ᠠᠵᠢᠯ ᠢ ᠰᠠᠶᠢᠳᠤᠷ ᠬᠢᠵᠦ᠂ ᠣᠯᠠᠨ ᠲᠦᠮᠡᠨ ᠤ ᠠᠮᠤᠷ ᠲᠦᠪᠰᠢᠨ ᠳᠤᠯᠠᠭᠠᠬᠠᠨ | ᠡᠪᠦᠯᠵᠢᠬᠦ ᠶᠢ ᠦᠨᠡᠨ ᠬᠦ᠋ ᠪᠠᠲᠤᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠢ ᠦᠨᠡᠨ ᠬᠦ᠋ ᠰᠠᠶᠢᠳᠤᠷ ᠠᠳᠬᠤᠬᠤ | ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠠᠮ ᠤᠨ ᠤᠳᠤᠷᠢᠳᠤᠯᠭ᠎ᠠ ᠶᠢ ᠥᠴᠥᠬᠡᠨ ᠴᠣ᠋ ᠰᠤᠯᠠᠷᠠᠭᠤᠯᠤᠯ ᠦᠭᠡᠢ ᠪᠠᠷᠢᠮᠲᠠᠯᠠᠵᠤ᠂ ᠨᠠᠮ ᠤᠨ | ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ ᠺᠠᠳ᠋ᠷᠴᠤᠳ ᠤᠨ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠤᠬᠠᠮᠰᠠᠷ ᠢᠶᠠᠨ ᠴᠢᠩᠭᠠᠳᠬᠠᠬᠤ ᠶᠢ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ | ᠪᠠᠶᠢᠩᠭᠤᠵᠢᠭᠤᠯᠤᠨ ᠤᠷᠲᠤ ᠬᠤᠭᠤᠴᠠᠭ᠎ᠠ ᠪᠦᠲᠦᠮᠵᠢᠲᠡᠢ ᠪᠤᠯᠭᠠᠬᠤ ᠶᠢ ᠠᠬᠢᠭᠤᠯᠵᠤ᠂ ᠨᠠᠮ ᠤᠨ ᠭᠡᠰᠢᠭᠦᠨ᠂ ᠺᠠᠳ᠋ᠷᠴᠤᠳ ᠢ | ᠬᠥᠲᠥᠯᠥᠨ ᠵᠢᠯᠤᠭᠤᠳᠴᠤ ᠤᠬᠠᠮᠰᠠᠷ ᠠᠴᠠ ᠪᠠᠨ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ᠂ | ᠠᠷᠢᠭᠤᠨ ᠴᠢᠬᠡᠴᠢ ᠪᠠᠶᠢᠬᠤ ᠤᠷᠢᠲᠠᠯ ᠳᠣᠣᠷ᠎ᠠ ᠢᠳᠡᠪᠬᠢᠲᠡᠢ ᠪᠠᠷ ᠬᠠᠷᠢᠭᠤᠴᠠᠯᠭ᠎ᠠ ᠡᠭᠦᠷᠭᠡᠯᠡᠨ᠂ ᠵᠣᠷᠢᠭᠲᠠᠢ ᠪᠠᠷ | ᠠᠵᠢᠯᠯᠠᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠠᠬᠢᠵᠢᠭᠦᠯᠬᠦ | ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠦᠨᠡᠨ ᠬᠦ᠋ ᠴᠢᠩᠭᠠᠳᠬᠠᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | 10 ᠤ ᠦᠳᠡ ᠶᠢᠨ ᠬᠤᠶᠢᠨ᠎ᠠ ᠂ ᠰᠢ ᠶᠢᠨ ᠫᠢᠩ ᠭᠠᠨᠰᠤ ᠳᠤ ᠬᠦᠷᠬᠦ ᠵᠠᠮ ᠵᠠᠭᠤᠷ᠎ᠠ ᠱᠠᠨᠰᠢ ᠮᠤᠵᠢ ᠶᠢᠨ ᠨᠠᠮ ᠤᠨ | ᠬᠤᠷᠢᠶ᠎ᠠ ᠶᠢᠨ ᠱᠦᠵᠢ ᠵᠤᠤ ᠢ ᠳ᠋ᠧ ᠪᠣᠯᠣᠨ ᠮᠤᠵᠢ ᠶᠢᠨ ᠳᠠᠷᠤᠭ᠎ᠠ ᠵᠤᠤ ᠭᠠᠩ ᠤᠨ ᠪᠠᠷ᠎ᠠ ᠪᠤᠯᠤᠯᠭ᠎ᠠ ᠲᠠᠢ ᠪᠠᠷ ᠪᠤᠤ ᠵᠢᠢ | ᠬᠤᠳᠠ ᠳᠤ ᠰᠢᠨᠵᠢᠯᠡᠨ ᠪᠠᠶᠢᠴᠠᠭᠠᠪᠠ ᠃ ᠰᠢ ᠶᠢᠨ ᠫᠢᠩ ᠪᠤᠤ ᠵᠢᠢ ᠶᠢᠨ ᠬᠦᠷᠡᠯ ᠵᠡᠪᠰᠡᠭ ᠤᠨ ᠮᠦᠽᠧᠢ ᠶᠢ ᠲᠣᠭᠤᠷᠢᠨ | ᠦᠵᠡᠪᠡ᠃ ᠲᠡᠷᠡ᠂ ᠮᠠᠨ ᠤ ᠤᠯᠤᠰ ᠤᠨ ᠬᠦᠷᠡᠯ ᠵᠡᠪᠰᠡᠭ ᠤᠨ ᠪᠣᠯᠪᠠᠰᠤᠨ ᠥᠨᠢ ᠤᠳᠠᠭᠠᠨ᠂ ᠭᠡᠷᠡᠯ ᠰᠠᠴᠤᠷᠠᠩᠭᠤᠢ | ᠲᠡᠦᠬᠡ ᠲᠠᠢ ᠪᠠᠶᠢᠵᠤ ᠂ ᠳᠡᠯᠡᠬᠡᠢ ᠶᠢᠨ ᠪᠣᠯᠪᠠᠰᠤᠨ ᠤ ᠲᠡᠦᠬᠡᠨ ᠳᠡᠭᠡᠷ᠎ᠡ ᠥᠪᠡᠷᠮᠢᠴᠡ ᠤᠨᠴᠠᠭᠠᠢ ᠲᠤᠭ ᠲᠡᠮᠳᠡᠭ ᠪᠤᠯᠬᠤ | ᠶᠤᠮ᠃ ᠬᠦᠷᠡᠯ ᠵᠡᠪᠰᠡᠭ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠰᠤᠳᠤᠯᠬᠤ ᠪᠠ ᠤᠬᠠᠭᠤᠯᠤᠨ | ᠲᠠᠶᠢᠯᠪᠤᠷᠢᠯᠠᠬᠤ ᠶᠢ ᠴᠢᠩᠭᠠᠳᠬᠠᠵᠤ᠂ ᠪᠦᠭᠦ ᠨᠡᠶᠢᠭᠡᠮ ᠤᠨᠴᠠᠭᠠᠶᠢᠯᠠᠨ ᠵᠠᠯᠠᠭᠤᠴᠤᠳ ᠪᠠᠭᠠᠴᠤᠳ ᠤᠨ ᠠᠭᠤᠤ ᠶᠡᠭᠡ ᠡᠬᠡ | ᠤᠯᠤᠰ ᠪᠣᠯᠣᠨ ᠳᠤᠮᠳᠠᠳᠤ ᠶᠢᠨ ᠪᠣᠯᠪᠠᠰᠤᠨ ᠳᠤ ᠬᠠᠶᠢᠷ᠎ᠠ ᠰᠡᠳᠬᠢᠯᠭᠡ ᠶᠢ ᠨᠡᠩ ᠰᠠᠶᠢᠳᠤᠷ ᠬᠥᠭᠵᠢᠭᠡᠬᠦ ᠬᠡᠷᠡᠭᠲᠡᠢ ᠭᠡᠵᠦ | ᠵᠢᠭᠠᠵᠤ ᠭᠠᠷᠭᠠᠪᠠ᠃ ᠰᠢ ᠶᠢᠨ ᠫᠢᠩ ᠪᠠᠰᠠ ᠸᠧᠢ ᠾᠧ ᠭᠤᠣᠯ ᠤᠨ ᠠᠮᠢ ᠠᠬᠤᠢ ᠶᠢᠨ ᠴᠡᠴᠡᠷᠯᠢᠭ ᠢ ᠪᠠᠶᠢᠴᠠᠭᠠᠨ | ᠦᠵᠡᠪᠡ᠃ | ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ | ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ | ᠪᠠᠶᠢᠴᠠᠭᠠᠪᠠ᠃ | ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ ᠃ | 9 ᠰᠠᠷ᠎ᠠ ᠶᠢᠨ 12 ᠤᠨ ᠦᠳᠡ ᠶᠢᠨ ᠡᠮᠦᠨ᠎ᠡ᠂ ᠰᠢ ᠶᠢᠨ ᠫᠢᠩ ᠯᠠᠨᠵᠧᠦ ᠳᠤ ᠰᠠᠭᠤᠭ᠎ᠠ ᠴᠡᠷᠢᠭ ᠠᠩᠭᠢ ᠶᠢᠨ | ᠬᠤᠷᠠᠩᠳᠠ ᠠᠴᠠ ᠳᠡᠭᠡᠭᠰᠢᠬᠢ ᠤᠳᠤᠷᠢᠳᠬᠤ ᠺᠠᠳ᠋ᠷ ᠪᠣᠯᠣᠨ ᠦᠨᠳᠦᠰᠦᠨ ᠱᠠᠲᠤᠨ ᠤ ᠲᠡᠷᠢᠭᠦᠨ ᠤ ᠵᠢᠰᠢᠶᠡᠴᠢ᠂ | ᠪᠢᠴᠢᠭ ᠤᠨ ᠠᠵᠢᠯᠲᠠᠨ ᠤ ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠵᠤ᠂ ᠨᠠᠮ ᠤᠨ ᠲᠥᠪ ᠬᠤᠷᠢᠶ᠎ᠠ ᠪᠣᠯᠣᠨ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠯᠠᠨᠵᠧᠦ ᠳᠤ ᠰᠠᠭᠤᠭ᠎ᠠ ᠴᠡᠷᠢᠭ ᠠᠩᠭᠢ ᠶᠢᠨ ᠪᠦᠭᠦ | ᠳᠠᠷᠤᠭ᠎ᠠ ᠪᠠᠶᠢᠯᠳᠤᠭᠴᠢᠤᠨ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠦᠭᠰᠡᠨ ᠪᠥᠭᠡᠳ ᠤᠯᠠᠨ ᠲᠠᠢ ᠬᠠᠮᠲᠤ ᠭᠡᠷᠡᠯ | ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ ᠾᠧ ᠸᠧᠢ ᠳ᠋ᠦ᠋ᠩ ᠪᠠᠷ᠎ᠠ ᠪᠣᠯᠵᠤ ᠭᠥᠯᠢᠶᠡᠨ ᠠᠪᠴᠤ ᠠᠭᠤᠯᠵᠠᠪᠠ᠃ | ᠳᠡᠪᠰᠢᠭᠦᠯᠦᠭᠴᠢ᠄ ᠲᠡᠷᠭᠡᠯ | |