ᠴᠠᠭᠠᠨᠪᠤᠯᠠᠭ ᠰᠤᠮᠤ ᠶᠢᠨ ᠦᠨᠳᠦᠰᠦᠲᠡᠨ ᠶᠢᠨ ᠪᠦᠯᠬᠦᠮᠳᠡᠯ ᠲᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ | ᠠᠵᠢᠯᠯᠠᠭ᠎ᠠ ᠪᠠᠶᠠᠯᠢᠭ ᠰᠠᠶᠢᠬᠠᠨ | | 9 ᠳ᠋ᠦ᠋ᠭᠡᠷ ᠰᠠᠷ᠎ᠠ ᠪᠣᠯ ᠥᠪᠡᠷᠲᠡᠭᠡᠨ ᠵᠠᠰᠠᠬᠤ ᠣᠷᠣᠨ ᠤ 41 ᠲᠠᠬᠢ ᠦᠨᠳᠦᠰᠦᠲᠡᠨ ᠤ ᠪᠦᠯᠬᠦᠮᠳᠡᠯ | ᠲᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠪᠣᠯᠤᠨ᠎ᠠ᠃ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠣᠶᠢᠷ᠎ᠠ ᠶᠢᠨ ᠡᠳᠦᠷ ᠴᠠᠭᠠᠨ ᠪᠤᠯᠠᠭ ᠰᠤᠮᠤ ᠤᠳ | ᠨᠢᠭᠡᠳᠦᠮᠡᠯ ᠹᠷᠣᠨᠲ ᠤᠨ ᠬᠡᠯᠲᠡᠰ᠂ ᠬᠤᠰᠢᠭᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠳ ᠡᠯᠪᠡᠭ ᠪᠠᠶᠠᠯᠢᠭ | 《 ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠦᠯᠢᠭᠡᠷ ᠢ ᠰᠠᠶᠢᠲᠤᠷ ᠶᠠᠷᠢᠬᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ 》 ᠰᠢᠷᠢᠰ ᠭᠤᠣᠯ ᠰᠡᠳᠦᠪᠲᠦ | ᠠᠵᠢᠯᠯᠠᠭ᠎ᠠ ᠶᠢ ᠥᠷᠨᠢᠭᠦᠯᠵᠡᠢ᠃ | | | | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ | ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠤᠬᠠᠭᠤᠯᠭ᠎ᠠ ᠶᠢᠨ ᠭᠠᠷ ᠪᠣᠭᠴᠣ ᠠᠪᠬᠤ ᠵᠡᠷᠭᠡ ᠣᠯᠠᠨ | ᠵᠦᠢᠯ ᠤᠨ ᠠᠷᠭ᠎ᠠ ᠮᠠᠶ᠋ᠢᠭ ᠢᠶᠠᠷ ᠳᠠᠮᠵᠢᠨ᠂ ᠣᠯᠠᠨ ᠲᠦᠮᠡᠨ ᠳᠤ ᠦᠨᠳᠦᠰᠦᠲᠡᠨ ᠤ ᠪᠦᠯᠬᠦᠮᠳᠡᠯ ᠵᠡᠷᠭᠡ ᠲᠠᠯ᠎ᠠ ᠶᠢᠨ | ᠠᠭᠤᠯᠭ᠎ᠠ ᠶᠢ ᠤᠬᠠᠭᠤᠯᠵᠤ᠂ ᠦᠨᠳᠦᠰᠦᠲᠡᠨ ᠤ ᠪᠦᠯᠬᠦᠮᠳᠡᠯ ᠤᠨ ᠠᠵᠢᠯ ᠤᠨ ᠲᠤᠬᠠᠢ ᠣᠯᠠᠨ ᠲᠦᠮᠡᠨ ᠤ ᠲᠠᠨᠢᠯᠲᠠ | ᠪᠣᠯᠤᠨ ᠣᠶᠢᠯᠠᠭᠠᠯᠲᠠ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ᠲᠤᠰ ᠤᠳᠠᠭᠠᠨ ᠤ ᠤᠬᠠᠭᠤᠯᠭ᠎ᠠ ᠶᠢᠨ | ᠠᠵᠢᠯᠯᠠᠭ᠎ᠠ ᠳᠤ᠂ ᠦᠨᠳᠦᠰᠦᠲᠡᠨ ᠤ ᠪᠦᠯᠬᠦᠮᠳᠡᠯ ᠢ ᠤᠬᠠᠭᠤᠯᠬᠤ ᠮᠠᠲ᠋ᠧᠷᠢᠶᠠᠯ ᠢ 500 ᠭᠠᠷᠤᠢ ᠬᠤᠪᠢ | ᠲᠠᠷᠬᠠᠭᠠᠵᠤ᠂ ᠤᠬᠠᠭᠤᠯᠭ᠎ᠠ ᠶᠢᠨ ᠭᠠᠷ ᠤᠭᠤᠲᠠ 80 ᠭᠠᠷᠤᠢ ᠬᠤᠪᠢ ᠲᠠᠷᠬᠠᠭᠠᠪᠠ᠃ | | | | | ᠳᠠᠷᠠᠭᠠᠴᠢ ᠶᠢᠨ ᠠᠯᠬᠤᠮ ᠳᠤ᠂ ᠴᠠᠭᠠᠨᠪᠤᠯᠠᠭ ᠰᠤᠮᠤ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠦᠵᠡᠯ ᠤᠬᠠᠮᠰᠠᠷ ᠤᠨ ᠭᠤᠣᠯ ᠰᠢᠵᠢᠮ ᠲᠠᠢ ᠨᠢᠭᠲᠡ ᠤᠶᠠᠯᠳᠤᠭᠤᠯᠤᠨ᠂ ᠤᠬᠠᠭᠤᠯᠭ᠎ᠠ ᠶᠢᠨ | ᠠᠴᠢᠶᠠᠯᠠᠪᠤᠷᠢ ᠶᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ | ᠬᠠᠤᠯᠢ ᠳᠦᠷᠢᠮ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠣᠢ ᠪᠣᠯᠭᠠᠬᠤ ᠠᠵᠢᠯ ᠢ ᠦᠨᠡᠨ ᠪᠣᠳᠠᠲᠠᠢ ᠲᠤᠤᠱᠯᠠᠭᠤᠯᠬᠤ ᠶᠢ | ᠪᠦᠬᠦ ᠬᠦᠴᠦ ᠪᠠᠷ ᠢᠶᠠᠨ ᠲᠦᠯᠬᠢᠨ ᠠᠬᠢᠭᠤᠯᠤᠨ᠎ᠠ᠃ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |