ᠪᠡᠭᠡᠵᠢᠩ ᠶᠡᠭᠡ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ ᠦᠢᠯᠡᠳᠦᠯᠭᠡ ᠶᠢᠨ | ᠰᠠᠭᠤᠷᠢᠨ ᠭᠠᠵᠠᠷ ᠳᠥᠷᠪᠡᠳ ᠬᠤᠰᠢᠭᠤᠨ ᠳᠤ ᠫᠠᠶᠢᠵᠠ ᠡᠯᠭᠦᠪᠡ | | 9 ᠳ᠋ᠦ᠋ᠭᠡᠷ ᠰᠠᠷ᠎ᠠ ᠶᠢᠨ 4 ᠤ ᠡᠳᠦᠷ᠂ ᠪᠡᠭᠡᠵᠢᠩ ᠶᠡᠭᠡ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ | ᠪᠣᠯᠪᠠᠰᠤᠷᠠᠯ ᠦᠢᠯᠡᠳᠦᠯᠭᠡ ᠶᠢᠨ ᠰᠠᠭᠤᠷᠢᠨ ᠤ ᠫᠠᠶᠢᠵᠠ ᠡᠯᠭᠦᠬᠦ ᠶᠣᠰᠣᠯᠠᠯ ᠳᠥᠷᠪᠡᠳ ᠬᠤᠰᠢᠭᠤᠨ ᠤ ᠮᠦᠽᠧᠢ ᠳᠤ | ᠶᠠᠪᠤᠭᠳᠠᠪᠠ᠃ ᠪᠡᠭᠡᠵᠢᠩ ᠶᠡᠭᠡ ᠰᠤᠷᠭᠠᠭᠤᠯᠢ ᠶᠢᠨ ᠭᠠᠵᠠᠷ ᠤᠨ ᠪᠥᠮᠪᠥᠷᠴᠡᠭ ᠪᠣᠯᠤᠨ ᠣᠷᠣᠨ ᠵᠠᠢ ᠶᠢᠨ ᠰᠢᠨᠵᠢᠯᠡᠬᠦ | ᠤᠬᠠᠭᠠᠨ ᠤ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠨᠢᠩ ᠵᠢᠶᠤᠧᠠᠨ᠂ ᠳᠥᠷᠪᠡ ᠳᠤ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠯᠢᠦ ᠶᠣᠰᠣᠯᠠᠯ ᠳᠤ ᠣᠷᠣᠯᠴᠠᠪᠠ᠃ ᠳᠥᠷᠪᠡᠳ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠣᠬᠠᠭᠤᠯᠬᠤ ᠬᠡᠯᠲᠡᠰ ᠤᠨ ᠳᠠᠷᠤᠭ᠎ᠠ | ᠹᠠᠨ ᡁᠢ ᠯᠢᠶᠠᠩ ᠫᠠᠶᠢᠵᠠ ᠶᠢᠨ ᠶᠣᠰᠣᠯᠠᠯ ᠢ ᠡᠷᠬᠢᠯᠡᠪᠡ᠃ | | | | | ᠫᠠᠶᠢᠰᠠ ᠰᠡᠬᠦᠬᠦ ᠶᠣᠰᠣᠯᠠᠯ ᠤᠨ ᠲᠤᠬᠠᠢ ᠶᠢᠨ ᠲᠠᠯᠠᠪᠠᠢ᠂ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠪᠣᠯᠤᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠤᠳᠤᠷᠢᠳᠤᠯᠭ᠎ᠠ ᠪᠦᠯᠬᠦᠮ ᠳᠠᠭᠠᠭᠤᠯᠤᠨ᠂ ᠲᠤᠰᠬᠠᠢ ᠲᠤᠰᠢᠶᠠᠯᠲᠤ ᠪᠠᠭᠰᠢ | ᠪᠣᠯᠤᠨ ᠬᠠᠪᠰᠤᠷᠤᠨ ᠵᠢᠯᠣᠭᠤᠳᠤᠭᠴᠢ᠂ ᠰᠤᠳᠤᠯᠬᠤ ᠰᠤᠷᠤᠭᠴᠢ᠂ ᠨᠢᠭᠡᠳᠦᠭᠡᠷ ᠣᠨ ᠤ ᠵᠢᠩᠬᠢᠨᠢ ᠠᠩᠭᠢ ᠶᠢᠨ ᠰᠤᠷᠤᠭᠴᠢ | ᠪᠠᠷᠤᠭ ᠲᠠᠪᠤᠨ ᠡᠳᠦᠷ ᠤᠨ ᠬᠤᠭᠤᠴᠠᠭ᠎ᠠ ᠲᠠᠢ ᠦᠵᠡᠯ ᠰᠠᠨᠠᠭᠠᠨ ᠤ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠬᠦ ᠬᠡᠷᠡᠭᠲᠡᠢ᠃ | ᠪᠣᠳᠠᠲᠠᠢ ᠭᠠᠵᠠᠷ ᠲᠤ ᠨᠢ ᠲᠣᠭᠤᠷᠢᠨ ᠦᠵᠡᠬᠦ ᠵᠡᠷᠭᠡ ᠬᠡᠯᠪᠡᠷᠢ ᠪᠠᠷ ᠳᠠᠮᠵᠢᠨ᠂ ᠳᠥᠷᠪᠡᠳ ᠬᠤᠰᠢᠭᠤᠨ ᠤ ᠬᠥᠮᠦᠨ ᠰᠣᠶᠣᠯ | ᠭᠠᠵᠠᠷ ᠵᠦᠢ᠂ ᠲᠡᠦᠬᠡ ᠰᠣᠶᠣᠯ ᠵᠡᠷᠭᠡ ᠮᠡᠳᠡᠯᠭᠡ ᠶᠢ ᠣᠶᠢᠯᠠᠭᠠᠬᠤ ᠨᠢ ᠣᠯᠠᠨ ᠤ ᠮᠡᠳᠡᠯᠭᠡ ᠪᠠᠨ ᠨᠡᠮᠡᠭᠳᠡᠭᠦᠯᠬᠦ᠂ ᠬᠠᠷᠠᠭ᠎ᠠ | ᠪᠠᠨ ᠥᠷᠭᠡᠳᠬᠡᠬᠦ ᠳᠤ ᠲᠤᠰᠠᠲᠠᠢ ᠮᠥᠷᠲᠡᠭᠡᠨ ᠲᠡᠳᠡᠨᠡᠷ ᠤᠨ ᠡᠬᠡ ᠣᠷᠣᠨᠴᠢ ᠰᠡᠳᠬᠢᠯᠭᠡ ᠪᠣᠯᠤᠨ ᠰᠢᠨ᠎ᠡ ᠶᠢ ᠡᠭᠦᠳᠬᠦ | ᠵᠣᠷᠢᠭ ᠰᠠᠨᠠᠭ᠎ᠠ ᠶᠢ ᠨᠢ ᠨᠡᠩ ᠢᠯᠡᠭᠦᠦ ᠬᠥᠭᠵᠢᠭᠡᠬᠦ ᠳᠤ ᠲᠤᠰᠠᠲᠠᠢ ᠶᠤᠮ᠃ | | | | | 《 ᠡᠨᠡ ᠲᠠᠯ᠎ᠠ ᠪᠣᠯ ᠮᠣᠩᠭᠤᠯ ᠤᠨ ᠥᠨᠳᠦᠷᠯᠢᠭ᠂ ᠠᠭᠠᠷ ᠰᠠᠨᠰᠠᠷ ᠤᠨ ᠠᠶᠠᠯᠠᠯ ᠪᠣᠯ ᠮᠠᠰᠢ ᠴᠢᠬᠤᠯᠠ ᠭᠠᠵᠠᠷ | ᠰᠢᠨᠵᠢᠯᠡᠭᠡᠨ ᠤ ᠨᠢᠭᠡᠴᠡ ᠪᠣᠯᠤᠨ᠎ᠠ᠂ ᠮᠠᠨ ᠤ ᠡᠷᠳᠡᠮ ᠰᠢᠨᠵᠢᠯᠡᠭᠡᠨ ᠤ ᠬᠠᠷᠢᠴᠠᠩᠭᠤᠢ ᠬᠤᠭᠤᠰᠣᠨ ᠠᠭᠤᠯᠭ᠎ᠠ ᠪᠣᠯᠤᠨ᠎ᠠ 》᠃ | ᠡᠨᠡ ᠤᠳᠠᠭ᠎ᠠ ᠶᠢᠨ ᠬᠠᠮᠲᠤ ᠶᠢᠨ ᠠᠵᠢᠯᠯᠠᠭ᠎ᠠ ᠪᠠᠷ ᠳᠠᠮᠵᠢᠭᠤᠯᠵᠤ᠂ ᠰᠣᠶᠣᠯ ᠮᠡᠳᠡᠯᠭᠡ ᠵᠡᠷᠭᠡ ᠲᠠᠯ᠎ᠠ ᠪᠠᠷ ᠮᠠᠰᠢ ᠶᠡᠭᠡ | ᠠᠮᠵᠢᠯᠲᠠ ᠣᠯᠤᠭᠰᠠᠨ ᠪᠠᠶᠢᠨ᠎ᠠ᠃》 ᠭᠡᠵᠦ ᠪᠡᠭᠡᠵᠢᠩ ᠶᠡᠭᠡ ᠰᠤᠷᠭᠠᠭᠤᠯᠢ ᠶᠢᠨ ᠭᠠᠵᠠᠷ ᠤᠨ ᠪᠥᠮᠪᠥᠷᠴᠡᠭ ᠪᠣᠯᠤᠨ ᠣᠷᠣᠨ | ᠵᠠᠢ ᠶᠢᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠨᠢᠩ ᠵᠢᠶᠧ ᠶᠤᠸᠠᠨ ᠢᠯᠡᠳᠬᠡᠬᠦ ᠳᠡᠭᠡᠨ᠂ | ᠡᠨᠡ ᠤᠳᠠᠭ᠎ᠠ ᠶᠢᠨ ᠣᠯᠤᠯᠲᠠ ᠳᠦᠭᠦᠷᠡᠩ ᠪᠠᠶᠢᠨ᠎ᠠ ᠭᠡᠪᠡ᠃ | | | | | ᠳᠥᠷᠪᠡ ᠳᠤ ᠬᠤᠰᠢᠭᠤ ᠮᠦᠽᠧᠢ ᠶᠢᠨ ᠭᠤᠣᠯ ᠪᠠᠷᠢᠯᠭ᠎ᠠ ᠶᠢᠨ ᠲᠠᠯᠠᠪᠠᠢ 16912 ᠲᠡᠭᠰᠢ ᠳᠥᠷᠪᠡᠯᠵᠢᠨ ᠮᠧᠳ᠋ᠷ᠂ | 8700 ᠲᠡᠭᠰᠢ ᠳᠥᠷᠪᠡᠯᠵᠢᠨ ᠮᠧᠳ᠋ᠷ᠃ ᠲᠡᠦᠬᠡ ᠶᠢᠨ ᠳᠤᠷᠠᠰᠬᠠᠯᠲᠤ ᠵᠦᠢᠯᠡᠰ᠂ ᠰᠠᠨᠰᠠᠷ ᠤᠨ ᠠᠶᠠᠯᠠᠯ᠂ | ᠦᠨᠳᠦᠰᠦᠲᠡᠨ ᠤ ᠪᠦᠯᠬᠦᠮᠳᠡᠯ ᠵᠡᠷᠭᠡ ᠵᠢᠰᠦᠨ ᠦᠵᠡᠭᠦᠯᠦᠯᠭᠡ ᠶᠢᠨ ᠲᠢᠩᠬᠢᠮ ᠢ ᠪᠠᠶᠢᠭᠤᠯᠵᠤ᠂ ᠳᠥᠷᠪᠡᠳ ᠬᠤᠰᠢᠭᠤᠨ ᠤ | ᠡᠯᠪᠡᠭ ᠪᠠᠶᠠᠯᠢᠭ ᠠᠷᠠᠳ ᠤᠨ ᠵᠠᠩ ᠦᠢᠯᠡ ᠶᠢᠨ ᠰᠣᠶᠣᠯ ᠪᠣᠯᠤᠨ ᠭᠡᠷᠡᠯ ᠰᠠᠴᠤᠷᠠᠩᠭᠤᠢ ᠰᠠᠨᠰᠠᠷ ᠤᠨ ᠠᠶᠠᠯᠠᠯ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠠᠮᠵᠢᠯᠲᠠ ᠶᠢ ᠪᠦᠬᠦ ᠲᠠᠯ᠎ᠠ ᠪᠠᠷ ᠳᠡᠯᠭᠡᠨ ᠦᠵᠡᠭᠦᠯᠵᠦ᠂ ᠣᠶᠢᠯᠠᠭᠠᠭᠤᠯᠤᠭᠰᠠᠨ | ᠪᠠᠶᠢᠨ᠎ᠠ ᠃ | ᠪᠡᠭᠡᠵᠢᠩ ᠶᠡᠭᠡ ᠰᠤᠷᠭᠠᠭᠤᠯᠢ ᠶᠢᠨ ᠳᠡᠯᠡᠬᠡᠢ ᠶᠢᠨ ᠪᠥᠮᠪᠥᠷᠴᠡᠭ ᠪᠣᠯᠤᠨ ᠣᠷᠣᠨ ᠵᠠᠢ ᠶᠢᠨ ᠰᠢᠨᠵᠢᠯᠡᠬᠦ ᠤᠬᠠᠭᠠᠨ ᠤ | ᠳᠡᠭᠡᠳᠦ ᠰᠤᠷᠭᠠᠭᠤᠯᠢ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠪᠠᠶᠢᠭᠤᠯᠵᠤ᠂ | ᠬᠦᠷᠢᠶᠡᠯᠡᠩ ᠭᠠᠵᠠᠷ ᠣᠷᠣᠨ ᠬᠤᠶᠠᠷ ᠲᠠᠯ᠎ᠠ ᠪᠠᠷ ᠢᠶᠠᠨ ᠨᠡᠩ ᠣᠯᠠᠨ ᠰᠤᠷᠭᠠᠨ ᠬᠥᠮᠦᠵᠢᠯ ᠤᠨ ᠬᠡᠪ ᠵᠠᠭᠪᠤᠷ ᠪᠣᠯᠤᠨ | ᠦᠢᠯᠡᠳᠦᠯᠭᠡ ᠶᠢᠨ ᠠᠷᠭ᠎ᠠ ᠵᠠᠮ ᠢ ᠬᠠᠮᠲᠤᠪᠠᠷ ᠰᠦᠪᠡᠭᠴᠢᠯᠡᠬᠦ ᠶᠢ ᠠᠬᠢᠭᠤᠯᠵᠤ᠂ ᠰᠤᠷᠤᠭᠴᠢᠳ ᠲᠤ ᠨᠡᠩ ᠡᠯᠪᠡᠭ ᠪᠠᠶᠠᠯᠢᠭ | ᠪᠥᠭᠡᠳ ᠣᠯᠠᠨ ᠡᠰᠢᠲᠦ ᠰᠤᠷᠤᠯᠴᠠᠬᠤ ᠲᠠᠪᠴᠠᠩ ᠬᠠᠩᠭᠠᠬᠤ ᠶᠢᠨ ᠲᠥᠯᠥᠭᠡ ᠶᠦ᠋ᠮ᠃ᠤᠭ ᠰᠤᠷᠭᠠᠭᠤᠯᠢ ᠮᠥᠨ | ᠮᠡᠷᠭᠡᠵᠢᠯ ᠤᠨ ᠳᠠᠪᠠᠭᠤ ᠲᠠᠯ᠎ᠠ ᠪᠠᠨ ᠬᠥᠭᠵᠢᠭᠦᠯᠵᠦ᠂ ᠡᠷᠲᠡᠨ ᠤ ᠪᠢᠣᠯᠣᠭᠢ ᠶᠢᠨ ᠰᠢᠨᠵᠢᠯᠡᠬᠦ ᠤᠬᠠᠭᠠᠨ ᠢ ᠳᠡᠯᠭᠡᠷᠡᠭᠦᠯᠬᠦ | ᠵᠡᠷᠭᠡ ᠰᠠᠯᠪᠤᠷᠢ ᠳᠤ ᠨᠡᠩ ᠭᠦᠨ ᠳᠠᠪᠬᠤᠷᠭ᠎ᠠ ᠶᠢᠨ ᠰᠣᠯᠢᠯᠴᠠᠭ᠎ᠠ ᠬᠢᠵᠦ᠂ ᠮᠦᠽᠧᠢ ᠶᠢᠨ ᠬᠥᠭᠵᠢᠯᠲᠦ ᠬᠦᠴᠦᠨ | ᠨᠡᠮᠡᠷᠢᠯᠡᠬᠦ ᠶᠢ ᠠᠬᠢᠭᠤᠯᠬᠤ ᠪᠣᠯᠤᠨ᠎ᠠ᠃ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |