《 ᠠᠨᠠᠷ ᠤᠨ ᠴᠡᠴᠡᠭ ᠳᠡᠯᠭᠡᠷᠡᠨ᠂ ᠦᠷ᠎ᠡ ᠵᠢᠷᠦᠬᠡ ᠨᠢᠭᠡᠲᠡᠢ 》 ᠰᠦᠯᠵᠢᠶ᠎ᠡ ᠳᠡᠭᠡᠷᠡᠬᠢ ᠭᠤᠣᠯ ᠰᠡᠳᠦᠪᠲᠦ | ᠰᠤᠷᠪᠤᠯᠵᠢᠯᠠᠭ᠎ᠠ ᠶᠢᠨ ᠠᠵᠢᠯᠯᠠᠭ᠎ᠠ ᠳᠥᠷᠪᠡᠳ ᠬᠤᠰᠢᠭᠤᠨ ᠳᠤ ᠶᠠᠪᠤᠭᠳᠠᠪᠠ | | 9 ᠰᠠᠷ᠎ᠠ ᠶᠢᠨ 4 ᠤ ᠡᠳᠦᠷ᠂ 《 ᠠᠨᠠᠷ ᠤᠨ ᠴᠡᠴᠡᠭ ᠤᠨ ᠲᠣᠭᠤᠰᠣᠨ ᠳᠤ ᠦᠷ᠎ᠡ ᠵᠢᠷᠦᠬᠡ ᠪᠠᠨ ᠮᠡᠳᠡᠯᠴᠡᠬᠦ 》 | ᠰᠦᠯᠵᠢᠶᠡᠨ ᠤ ᠭᠤᠣᠯ ᠰᠡᠳᠦᠪᠲᠦ ᠰᠤᠷᠪᠤᠯᠵᠢᠯᠠᠭ᠎ᠠ ᠶᠢᠨ ᠠᠵᠢᠯᠯᠠᠭ᠎ᠠ ᠳᠥᠷᠪᠡᠳ ᠬᠤᠰᠢᠭᠤᠨ ᠳᠤ ᠶᠠᠪᠤᠭᠳᠠᠪᠠ᠃ | ᠠᠷᠠᠳ ᠤᠨ ᠰᠦᠯᠵᠢᠶ᠎ᠡ᠂ ᠰᠢᠨᠬᠤᠸᠠ ᠰᠦᠯᠵᠢᠶ᠎ᠡ᠂ ᠲᠥᠪ ᠤᠨ ᠲᠧᠯᠸᠢᠰ ᠰᠦᠯᠵᠢᠶ᠎ᠡ᠂ ᠪᠧᠨ ᠲᠧᠩ ᠷᠦᠩ ᠵᠠᠭᠤᠴᠢᠯᠠᠭᠤᠷ | ᠂ ᠥᠪᠥᠷ ᠮᠣᠩᠭᠤᠯ ᠤᠨ ᠰᠣᠨᠢᠨ ᠮᠡᠳᠡᠭᠡᠨ ᠤ ᠰᠦᠯᠵᠢᠶ᠎ᠡ ᠵᠡᠷᠭᠡ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ | ᠳᠡᠰ ᠤᠨ ᠵᠠᠭᠤᠴᠢᠯᠠᠭᠤᠷ ᠤᠨ ᠰᠤᠷᠪᠤᠯᠵᠢᠯᠠᠭᠴᠢ ᠳᠦᠷᠪᠡᠦᠨ ᠬᠤᠰᠢᠭᠤᠨ ᠳᠤ | ᠴᠤᠭᠯᠠᠷᠠᠵᠤ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠠᠳᠡᠬᠢ ᠡᠯ᠎ᠡ ᠦᠨᠳᠦᠰᠦᠲᠡᠨ ᠤ | ᠬᠠᠮᠲᠤᠪᠠᠷ ᠪᠦᠯᠬᠦᠮᠳᠡᠨ ᠲᠡᠮᠡᠴᠡᠵᠦ᠂ ᠬᠠᠮᠲᠤᠪᠠᠷ ᠴᠡᠴᠡᠭᠯᠡᠨ ᠬᠥᠭᠵᠢᠭᠰᠡᠨ ᠠᠮᠢᠳᠤᠯᠢᠭ ᠦᠯᠢᠭᠡᠷ ᠢ ᠭᠡᠷᠡᠯ ᠵᠢᠷᠤᠭ ᠪᠠ | ᠲᠡᠮᠳᠡᠭᠯᠡᠯ ᠢᠶᠠᠷ ᠢᠶᠠᠨ ᠲᠡᠮᠳᠡᠭᠯᠡᠨ ᠦᠯᠡᠳᠡᠭᠡᠭᠰᠡᠨ ᠪᠠᠶᠢᠨ᠎ᠠ᠃ | | | | | ᠰᠤᠷᠪᠤᠯᠵᠢᠯᠠᠬᠤ ᠪᠦᠯᠬᠦᠮ ᠡᠩ ᠲᠡᠷᠢᠭᠦᠨ ᠳᠤ 《 ᠠᠷᠠᠳ ᠤᠨ ᠦᠯᠢᠭᠡᠷ ᠳᠠᠭᠤᠷᠢᠶᠠᠯ 》 | ᠳᠦᠭᠦᠢᠮᠠ ᠨᠠᠰᠤᠲᠠᠨ ᠤ ᠭᠡᠷ ᠲᠤ ᠢᠷᠡᠪᠡ᠃ ᠳᠦᠭᠦᠢᠮᠠ ᠨᠠᠰᠤᠲᠠᠨ ᠲᠡᠭᠦᠨ ᠤ | ᠬᠠᠯᠠᠭᠤᠨ ᠳᠤᠯᠠᠭᠠᠨ ᠡᠷᠡᠰ ᠪᠠᠲᠤ ᠳᠠᠭᠤᠨ ᠢᠶᠠᠷ ᠲᠤᠬᠠᠢ ᠶᠢᠨ ᠵᠢᠯ ᠤᠨ 《 ᠤᠯᠤᠰ ᠤᠨ ᠬᠡᠦᠬᠡᠳ 》 ᠢ ᠥᠰᠬᠡᠨ | ᠬᠥᠮᠦᠵᠢᠭᠦᠯᠦᠭᠰᠡᠨ ᠰᠡᠳᠬᠢᠯ ᠢ ᠬᠥᠳᠡᠯᠭᠡᠮ᠎ᠡ ᠦᠯᠢᠭᠡᠷ ᠢ ᠶᠠᠷᠢᠵᠤ ᠪᠠᠶᠢᠯ᠎ᠠ᠃ ᠲᠡᠭᠦᠨ ᠤ ᠴᠠᠶᠢᠯᠭᠠᠨ ᠰᠡᠳᠬᠢᠯ ᠪᠣᠯᠤᠨ | ᠬᠠᠷᠠᠮ ᠦᠭᠡᠢ ᠵᠢᠳᠬᠦᠯ ᠨᠢ ᠦᠨᠳᠦᠰᠦᠲᠡᠨ ᠨᠦᠭᠦᠳ ᠤᠨ ᠪᠦᠯᠬᠦᠮᠳᠡᠯ ᠤᠨ ᠠᠭᠤᠤ ᠶᠡᠭᠡ ᠬᠦᠴᠦᠨ ᠴᠢᠳᠠᠯ ᠢ ᠬᠠᠷᠠᠭᠤᠯᠵᠤ | ᠪᠠᠶᠢᠭ᠎ᠠ ᠶᠤᠮ᠃ ᠰᠡᠳᠬᠦᠯᠴᠢᠳ ᠡᠪᠦᠭᠡᠨ ᠤ ᠳᠡᠷᠭᠡᠳᠡ ᠰᠠᠭᠤᠨ ᠨᠠᠷᠢᠨ ᠵᠦᠢᠯᠡᠰ ᠢ ᠤᠳᠠᠭ᠎ᠠ ᠳᠠᠷᠠᠭᠠᠯᠠᠨ ᠰᠣᠨᠣᠰᠴᠤ᠂ | ᠰᠡᠳᠬᠢᠯ ᠨᠢ ᠶᠡᠭᠡ ᠬᠥᠳᠡᠯᠵᠦ ᠪᠠᠶᠢᠯ᠎ᠠ᠃ᠡᠪᠦᠭᠡᠨ ᠤ ᠦᠢᠯᠡ ᠶᠠᠪᠤᠳᠠᠯ ᠲᠠᠯ᠎ᠠ ᠨᠤᠲᠤᠭ ᠲᠤ ᠳᠡᠯᠭᠡᠷᠡᠭᠰᠡᠨ ᠴᠡᠴᠡᠭᠡᠰ ᠰᠢᠭ | ᠳᠤᠯᠠᠭᠠᠬᠠᠨ ᠰᠡᠳᠬᠢᠯ ᠤᠨ ᠠᠩᠬᠢᠯᠤᠮ᠎ᠠ ᠦᠨᠦᠷ ᠬᠠᠩᠬᠤᠯᠤᠭᠠᠳ᠃ | | | | | ᠳᠠᠷᠠᠭ᠎ᠠ ᠨᠢ ᠰᠤᠷᠪᠤᠯᠵᠢᠯᠠᠭᠴᠢᠳ ᠳᠥᠷᠪᠡᠳ ᠬᠤᠰᠢᠭᠤᠨ ᠤ ᠮᠦᠽᠧᠢ ᠳᠤ ᠬᠦᠷᠴᠦ 《 ᠤᠯᠤᠰ ᠤᠨ ᠬᠡᠦᠬᠡᠳ | 》 ᠰᠦᠨᠪᠬᠠᠮᠠᠭᠠᠯ ᠲᠠᠢ ᠠᠭᠤᠯᠵᠠᠪᠠ᠃ ᠲᠡᠷᠡ ᠡᠨᠡ ᠬᠡᠰᠡᠭ ᠭᠠᠵᠠᠷ ᠳᠡᠭᠡᠷᠡᠬᠢ ᠦᠰᠦᠨ ᠪᠤᠶᠢᠵᠢᠭᠰᠠᠨ ᠥᠩᠭᠡᠷᠡᠯᠲᠡ ᠪᠠᠨ | ᠡᠷᠭᠢᠴᠡᠭᠦᠯᠦᠨ ᠪᠣᠳᠣᠪᠠᠯ ᠮᠠᠰᠢ ᠣᠯᠠᠨ ᠶᠠᠭᠤᠮ᠎ᠠ ᠪᠣᠳᠣᠵᠤ ᠣᠯᠳᠠᠭ᠃ ᠲᠡᠷᠡ ᠬᠡᠯᠡᠭᠰᠡᠨ ᠨᠢ᠂ ᠡᠯ᠎ᠡ ᠦᠨᠳᠦᠰᠦᠲᠡᠨ ᠤ | ᠬᠠᠶᠢᠷ᠎ᠠ ᠬᠠᠯᠠᠮᠵᠢ ᠪᠠ ᠬᠠᠶᠢᠷ᠎ᠠ ᠬᠠᠯᠠᠮᠵᠢ ᠪᠠᠶᠢᠵᠤ᠂ ᠲᠡᠭᠦᠨ ᠳᠤ ᠵᠣᠯ ᠵᠢᠷᠭᠠᠯᠲᠤ ᠠᠮᠢᠳᠤᠷᠠᠯ ᠢ ᠣᠯᠭᠤᠭᠰᠠᠨ ᠶᠤᠮ᠃ | ᠲᠡᠭᠦᠨ ᠤ ᠦᠯᠢᠭᠡᠷ ᠪᠣᠯ ᠦᠨᠳᠦᠰᠦᠲᠡᠨ ᠤ ᠪᠦᠯᠬᠦᠮᠳᠡᠯ ᠤᠨ ᠠᠮᠢᠳᠤᠯᠢᠭ ᠵᠢᠷᠤᠭᠯᠠᠯ ᠪᠠᠶᠢᠵᠤ᠂ ᠬᠥᠮᠦᠰ ᠲᠤ 《 ᠠᠨᠠᠷ ᠤᠨ | ᠦᠷ᠎ᠡ 》 ᠮᠡᠲᠦ ᠨᠢᠭᠲᠡ ᠬᠤᠯᠪᠣᠯᠳᠤᠭᠰᠠᠨ ᠭᠦᠨ ᠵᠤᠵᠠᠭᠠᠨ ᠰᠡᠳᠬᠢᠯᠭᠡ ᠶᠢ ᠭᠦᠨ ᠣᠶᠢᠯᠭᠠᠵᠠᠢ᠃ ᠳᠠᠷᠠᠭ᠎ᠠ ᠨᠢ | ᠰᠤᠷᠪᠤᠯᠵᠢᠯᠠᠭᠴᠢᠳ ᠴᠠᠩ ᠧ ᠵᠢᠷᠭᠤᠳᠤᠭᠠᠷ ᠪᠠᠲᠤᠯᠠᠭ᠎ᠠ ᠶᠢᠨ ᠠᠵᠢᠯᠲᠠᠨ ᠤ ᠳᠡᠷᠭᠡᠳᠡ ᠬᠦᠷᠴᠦ᠂ ᠲᠡᠳᠡᠨ ᠤ | ᠪᠠᠲᠤᠯᠠᠭᠠᠨ ᠤ ᠡᠭᠦᠷᠭᠡ ᠳᠤᠮᠳᠠᠬᠢ ᠬᠦᠴᠢᠷᠳᠡᠯ ᠪᠣᠯᠤᠨ ᠦᠷᠡᠭᠳᠡᠯ ᠢ ᠰᠣᠨᠣᠰᠴᠤ᠂ ᠤᠯᠤᠰ ᠤᠨ ᠰᠠᠨᠰᠠᠷ ᠤᠨ ᠦᠢᠯᠡᠰ ᠤᠨ | ᠲᠥᠯᠥᠭᠡ ᠬᠦᠴᠢᠷᠡᠴᠡ ᠠᠶᠤᠬᠤ ᠥᠬᠡᠢ ᠬᠤᠪᠢ ᠨᠡᠮᠡᠷᠢ ᠪᠠᠨ ᠦᠵᠡᠭᠦᠯᠵᠡᠢ᠃ | | | | | ᠬᠠᠮᠤᠭ ᠤᠨ ᠡᠴᠦᠰ ᠲᠤ᠂ ᠰᠤᠷᠪᠤᠯᠵᠢᠯᠠᠬᠤ ᠪᠦᠯᠬᠦᠮ ᠬᠤᠪᠢᠯᠭᠠᠨ ᠣᠩᠭᠤᠴᠠᠨ ᠤ ᠬᠦᠰᠡᠯ ᠪᠠᠭ᠎ᠠ ᠰᠤᠷᠭᠠᠭᠤᠯᠢ ᠳᠤ | ᠬᠦᠷᠴᠦ᠃ᠠᠳᠡ ᠰᠠᠨᠰᠠᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠭᠤᠴᠣ ᠰᠠᠶᠢᠬᠠᠨ ᠬᠢᠴᠢᠶᠡᠯ ᠣᠷᠣᠵᠤ ᠪᠠᠶᠢᠨ᠎ᠠ᠃ | ᠬᠡᠦᠬᠡᠳ ᠤᠨ ᠬᠠᠴᠢᠨ ᠰᠣᠨᠢᠷᠬᠠᠯᠲᠠᠢ ᠬᠠᠷᠠᠴᠠ᠂ ᠢᠨᠢᠶᠡᠮᠰᠦᠭᠯᠡᠯ ᠨᠢ ᠬᠥᠮᠦᠰ ᠲᠤ ᠲᠡᠳᠡᠨ ᠤ ᠬᠦᠰᠡᠯ ᠮᠥᠷᠥᠭᠡᠳᠦᠯ ᠢ | ᠮᠡᠳᠡᠷᠡᠭᠦᠯᠦᠯ᠎ᠡ᠃ᠪᠠᠭᠰᠢ ᠠᠮᠢᠳᠤᠯᠢᠭ ᠳᠦᠷᠰᠦᠯᠢᠭ ᠰᠠᠨᠰᠠᠷ ᠤᠨ ᠠᠶᠠᠯᠠᠯ ᠤᠨ ᠮᠡᠳᠡᠯᠭᠡ ᠶᠢ ᠲᠠᠶᠢᠯᠪᠤᠷᠢᠯᠠᠵᠤ᠂ ᠬᠡᠦᠬᠡᠳ ᠤᠨ | ᠰᠢᠨᠵᠢᠯᠡᠬᠦ ᠤᠬᠠᠭᠠᠨᠴᠢ ᠤᠷᠮ᠎ᠠ ᠪᠠᠬ᠎ᠠ ᠶᠢ ᠬᠥᠭᠵᠢᠭᠡᠵᠦ ᠪᠠᠶᠢᠨ᠎ᠠ᠃ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠡᠨᠡ ᠬᠢᠴᠢᠶᠡᠯ | ᠨᠢ ᠮᠡᠳᠡᠯᠭᠡ ᠶᠢᠨ ᠤᠯᠠᠮᠵᠢᠯᠠᠯ ᠢᠶᠠᠷ ᠪᠠᠷᠠᠬᠤ ᠥᠬᠡᠢ ᠨᠡᠩ ᠴᠤ ᠦᠨᠳᠦᠰᠦᠲᠡᠨ ᠤ ᠪᠦᠯᠬᠦᠮᠳᠡᠯ ᠪᠣᠯᠤᠨ ᠰᠠᠨᠰᠠᠷ ᠤᠨ | ᠠᠶᠠᠯᠠᠯ ᠤᠨ ᠬᠦᠰᠡᠯ ᠵᠡᠭᠦᠳᠦ ᠶᠢᠨ ᠤᠯᠠᠮᠵᠢᠯᠠᠯ ᠢᠶᠠᠷ ᠪᠠᠲᠤᠯᠠᠭᠳᠠᠳᠠᠭ᠃ | | | | | | | | | | ᠡᠨᠡ ᠤᠳᠠᠭ᠎ᠠ ᠶᠢᠨ 《 ᠠᠨᠠᠷ ᠤᠨ ᠴᠡᠴᠡᠭ ᠤᠨ ᠳᠡᠯᠭᠡᠷᠡᠭᠰᠡᠨ ᠦᠷ᠎ᠡ ᠨᠢ ᠰᠡᠳᠬᠢᠯ ᠢᠶᠠᠨ ᠬᠠᠮᠲᠤᠳᠬᠠᠭᠰᠠᠨ 》 | ᠰᠦᠯᠵᠢᠶᠡᠨ ᠤ ᠭᠤᠣᠯ ᠰᠡᠳᠦᠪᠲᠦ ᠰᠤᠷᠪᠤᠯᠵᠢᠯᠠᠭ᠎ᠠ ᠶᠢᠨ ᠠᠵᠢᠯᠯᠠᠭ᠎ᠠ ᠨᠢ ᠳᠥᠷᠪᠡᠳ ᠬᠤᠰᠢᠭᠤᠨ ᠳᠤ ᠰᠤᠷᠪᠤᠯᠵᠢᠯᠠᠬᠤ | ᠪᠦᠯᠬᠦᠮ ᠤᠨ ᠭᠦᠨ ᠰᠠᠭᠤᠭᠳᠠᠯ ᠦᠯᠡᠳᠡᠭᠡᠵᠦ᠂ ᠳᠥᠷᠪᠡᠳ ᠬᠤᠰᠢᠭᠤᠨ ᠤ ᠡᠯ᠎ᠡ ᠦᠨᠳᠦᠰᠦᠲᠡᠨ ᠤ ᠬᠤᠭᠤᠷᠣᠨᠳᠣᠬᠢ | ᠪᠦᠯᠬᠦᠮᠳᠡᠯ ᠬᠠᠶᠢᠷ᠎ᠠ ᠰᠡᠳᠬᠢᠯᠭᠡ᠂ ᠬᠠᠮᠲᠤ ᠶᠢᠨ ᠲᠡᠮᠡᠴᠡᠯ ᠤᠨ ᠵᠣᠷᠢᠭ ᠰᠠᠨᠠᠭᠠᠨ ᠤ ᠳᠦᠷᠰᠦ ᠪᠠᠶᠢᠳᠠᠯ ᠢ ᠭᠦᠨᠵᠡᠭᠡᠢ | ᠰᠡᠷᠡᠵᠦ᠂ ᠡᠨᠡᠬᠦ ᠬᠡᠰᠡᠭ ᠭᠠᠵᠠᠷ ᠰᠢᠷᠣᠢ ᠳᠡᠭᠡᠷᠡᠬᠢ ᠰᠠᠨᠰᠠᠷ ᠤᠨ ᠠᠶᠠᠯᠠᠯ ᠤᠨ ᠬᠦᠰᠡᠯ ᠵᠡᠭᠦᠳᠦ ᠪᠣᠯᠤᠨ ᠬᠦᠰᠡᠯ | ᠡᠷᠡᠮᠡᠯᠵᠡᠯ ᠢ ᠳᠡᠯᠭᠡᠨ ᠦᠵᠡᠭᠦᠯᠪᠡ᠃ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |