ᠢᠦᠢ ᠳ᠋ᠠᠢ ᠴᠢᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/26
     ᠢᠦᠢ ᠳ᠋ᠠᠢ ᠴᠢᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ       9 ᠰᠠᠷ᠎ᠠ ᠶᠢᠨ 6 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ  ᠢᠦᠢ ᠳ᠋ᠠᠢ ᠴᠢᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ᠂ ᠲᠥᠪ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠥᠪᠯᠡᠯ ᠤᠨ ᠵᠢᠷᠭᠤᠳᠤᠭᠠᠷ ᠬᠤᠷᠠᠯᠳᠤᠭᠠᠨ ᠤ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠣ ᠴᠧᠩ  ᠤ ᠣᠶᠢᠷ᠎ᠠ ᠶᠢᠨ ᠬᠤᠭᠤᠴᠠᠭᠠᠨ ᠤ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ᠵᠠᠬᠢᠳᠠᠯ ᠰᠤᠷᠪᠤᠯᠵᠢᠯᠠᠭ᠎ᠠ ᠶᠢᠨ ᠬᠠᠤᠯᠢᠵᠢᠯ ᠵᠡᠷᠭᠡ ᠠᠵᠢᠯ ᠢ ᠰᠤᠳᠤᠯᠪᠠ᠃
9.10+1.jpg
       ᠢᠦᠢ ᠳ᠋ᠠᠢ ᠴᠢᠩ ᠬᠡᠯᠡᠬᠦ ᠳᠡᠭᠡᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠲᠥᠷᠥ ᠶᠢᠨ ᠪᠣᠳᠣᠯᠭ᠎ᠠ ᠶᠢᠨ ᠬᠠᠨᠳᠤᠰᠢ ᠶᠢ ᠭᠦᠨᠵᠡᠭᠡᠢ ᠰᠤᠷᠤᠯᠴᠠᠨ᠂ ᠣᠨᠣᠪᠴᠢᠲᠠᠢ ᠡᠵᠡᠮᠰᠢᠵᠦ᠂ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠳᠬᠤᠵᠤ᠂ ᠪᠥᠬᠦ ᠲᠠᠯ᠎ᠠ ᠶᠢᠨ ᠴᠢᠨᠠᠷᠲᠠᠢ᠂ ᠠᠯᠤᠰ ᠬᠡᠳᠦ ᠶᠢᠨ ᠴᠢᠨᠠᠷᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠥᠷᠪᠡᠳ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠮ ᠤᠨ ᠲᠥᠪ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠣᠨᠣᠪᠴᠢᠲᠠᠢ ᠡᠵᠡᠮᠰᠢᠵᠦ᠂ ᠭᠦᠨᠵᠡᠭᠡᠢ ᠣᠶᠢᠯᠠᠭᠠᠵᠤ᠂ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠰᠤᠷᠤᠯᠴᠠᠨ ᠣᠶᠢᠯᠠᠭᠠᠬᠤ᠂ ᠠᠷᠭ᠎ᠠ ᠤᠬᠠᠭᠠᠨ ᠰᠦᠪᠡᠭᠴᠢᠯᠡᠨ ᠪᠠᠶᠢᠷᠢᠯᠠᠭᠤᠯᠵᠤ᠂ ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠬᠤ ᠬᠡᠷᠡᠭᠲᠡᠢ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠣᠯ ᠴᠢᠮᠥᠭᠡ ᠪᠣᠯᠤᠨ ᠤᠯᠤᠰ ᠲᠥᠷᠥ ᠶᠢᠨ ᠴᠢᠭᠯᠡᠯ ᠢ ᠣᠨᠣᠪᠴᠢᠲᠠᠢ ᠡᠵᠡᠮᠰᠢᠵᠦ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠬᠠᠳᠠᠭᠠᠰᠤ ᠬᠠᠲᠠᠬᠤ ᠠᠴᠠ ᠪᠣᠳᠠᠲᠠᠢ ᠠᠵᠢᠯ ᠲᠥᠷᠥᠯ ᠳᠤ ᠠᠮᠵᠢᠯᠲᠠ ᠣᠯᠬᠤ ᠬᠡᠷᠡᠭᠲᠡᠢ᠃ ᠵᠠᠬᠢᠳᠠᠯ ᠰᠤᠷᠪᠤᠯᠵᠢᠯᠠᠯ ᠤᠨ ᠠᠵᠢᠯ ᠢ ᠬᠠᠤᠯᠢ ᠪᠠᠷ ᠵᠠᠰᠠᠬᠤ ᠶᠢ ᠪᠦᠬᠦ ᠲᠠᠯ᠎ᠠ ᠪᠠᠷ ᠠᠬᠢᠭᠤᠯᠬᠤ ᠪᠣᠯ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠬᠤ ᠲᠤᠯᠠ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠦᠢᠯ ᠤᠨ ᠣᠨᠣᠪᠴᠢᠲᠠᠢ  ᠪᠠᠷ ᠰᠠᠯᠭᠠᠨ ᠭᠠᠷᠭᠠᠵᠤ᠂ ᠬᠠᠤᠯᠢ ᠶᠣᠰᠣᠭᠠᠷ ᠵᠢᠷᠤᠮᠵᠢᠭᠤᠯᠬᠤ ᠪᠠᠨ ᠴᠢᠩᠭᠠᠷᠠᠭᠤᠯᠵᠤ᠂ ᠬᠦᠯᠢᠶᠡᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ ᠤᠨ ᠬᠠᠷᠢᠭᠤᠴᠠᠬᠤ ᠳᠡᠰ ᠳᠠᠷᠠᠭᠠᠯᠠᠯ ᠢ ᠪᠣᠳᠠᠲᠠᠶᠢᠵᠢᠭᠤᠯᠤᠨ ᠲᠦᠯᠬᠢᠨ ᠠᠬᠢᠭᠤᠯᠬᠤ ᠬᠡᠷᠡᠭᠲᠡᠢ᠃ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠷᠠᠭᠤᠯᠤᠨ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠣᠯᠠᠨ ᠲᠦᠮᠡᠨ ᠤ ᠭᠤᠮᠣᠳᠠᠯ ᠱᠠᠭᠠᠷᠳᠠᠯᠭ᠎ᠠ ᠨᠢᠭᠡᠪᠦᠷᠢ ᠶᠢ ᠴᠥᠮ ᠰᠢᠢᠳᠪᠦᠷᠢᠯᠡᠬᠦ ᠬᠥᠮᠦᠨ ᠲᠠᠢ ᠪᠣᠯᠭᠠᠨ᠂ ᠬᠠᠤᠯᠢ ᠶᠣᠰᠣᠭᠠᠷ ᠲᠦᠯᠬᠢᠨ ᠠᠬᠢᠭᠤᠯᠵᠤ᠂ ᠡᠷᠬᠡ ᠬᠠᠷᠢᠭᠤᠴᠠᠯᠭ᠎ᠠ ᠲᠣᠳᠣᠷᠬᠠᠢ᠂ ᠰᠠᠭᠤᠷᠢ ᠲᠤᠭ᠎ᠠ ᠲᠣᠳᠣᠷᠬᠠᠢ᠂ ᠬᠠᠤᠯᠢ ᠶᠣᠰᠣᠭᠠᠷ ᠭᠦᠢᠴᠡᠳᠬᠡᠬᠦ᠂ ᠡᠮᠬᠢ ᠳᠢᠭᠯᠢᠮ ᠰᠠᠶᠢᠨ᠂ ᠣᠯᠠᠨ ᠲᠦᠮᠡᠨ ᠬᠠᠨᠤᠮᠵᠢᠲᠠᠢ ᠪᠠᠶᠢᠬᠤ ᠬᠡᠷᠡᠭᠲᠡᠢ᠃
9.10+2.jpg
      ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂   ᠬᠤᠰᠢᠭᠤ ᠳᠠᠷᠤᠭ᠎ᠠ ᠰᠦᠯᠳᠡ᠂ ᠪᠠᠶᠢᠩᠭᠤ ᠶᠢᠨ ᠭᠡᠰᠢᠭᠦᠳ᠂ ᠬᠤᠰᠢᠭᠤ ᠬᠤᠪᠢᠶᠠᠨ ᠬᠠᠮᠢᠶᠠᠷᠬᠤ ᠤᠳᠤᠷᠢᠳᠤᠯᠭ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠣᠷᠣᠯᠴᠠᠨ᠎ᠠ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2