ᠲᠦᠩ ᠢᠦ᠋ᠢ ᠺᠦᠨ ᠢᠦ᠋ᠢ ᠴᠦᠨ ᠢ ᠲᠡᠮᠦᠷᠯᠢᠭ ᠦᠢᠯᠡᠳᠬᠦ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠰᠢᠦᠢ ᠵᠦᠩ ᠺᠦᠨ ᠨᠠᠷ ᠮᠠᠨ ᠤ ᠬᠤᠰᠢᠭᠤᠨ ᠳᠤ ᠠᠵᠢᠯ ᠪᠠᠶᠢᠴᠠᠭᠠᠪᠠ
ᠨᠡᠶᠢᠲᠡᠯᠡᠭᠰᠡᠨ ᠴᠠᠭ᠄
2024/9/26
      ᠲᠦᠩ ᠢᠦ᠋ᠢ ᠺᠦᠨ ᠢᠦ᠋ᠢ ᠴᠦᠨ ᠢ ᠲᠡᠮᠦᠷᠯᠢᠭ ᠦᠢᠯᠡᠳᠬᠦ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠰᠢᠦᠢ ᠵᠦᠩ ᠺᠦᠨ ᠨᠠᠷ ᠮᠠᠨ ᠤ ᠬᠤᠰᠢᠭᠤᠨ ᠳᠤ ᠠᠵᠢᠯ ᠪᠠᠶᠢᠴᠠᠭᠠᠪᠠ      9 ᠰᠠᠷ᠎ᠠ ᠶᠢᠨ 11 ︱ 12 ᠤ ᠡᠳᠦᠷ ᠪᠣᠯᠲᠠᠯ᠎ᠠ᠂ ᠲᠦᠩ ᠢᠦ᠋ᠢ ᠺᠦᠨ ᠢᠦ᠋ᠢ ᠴᠦᠨ ᠢ ᠲᠡᠮᠦᠷᠯᠢᠭ ᠦᠢᠯᠡᠳᠬᠦ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠰᠢᠦᠢ ᠵᠦᠩ ᠺᠦᠨ ᠨᠠᠷ ᠮᠠᠨ ᠤ ᠬᠤᠰᠢᠭᠤᠨ ᠤ ᠦᠨᠳᠦᠰᠦᠲᠡᠨ ᠤ ᠠᠷᠠᠯᠵᠢᠶᠠᠨ ᠤ ᠬᠢᠵᠠᠭᠠᠷᠲᠤ ᠺᠣᠮᠫᠠᠨᠢ᠂ ᠳᠥᠷᠪᠡᠳ ᠲᠣᠮᠣ ᠪᠠᠭᠤᠳᠠᠯ᠂ ᠳᠥᠷᠪᠡᠳ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠵᠡᠷᠭᠡ ᠭᠠᠵᠠᠷ ᠢᠶᠠᠷ ᠰᠢᠨᠵᠢᠯᠡᠨ ᠪᠠᠶᠢᠴᠠᠭᠠᠬᠤ ᠪᠠ ᠶᠠᠷᠢᠯᠴᠠᠬᠤ ᠬᠤᠷᠠᠯ ᠬᠢᠵᠦ᠂ ᠬᠠᠮᠢᠶ᠎ᠠ ᠪᠦᠬᠦᠢ ᠲᠥᠷᠥᠯ ᠵᠦᠢᠯ ᠤᠨ ᠲᠠᠯ᠎ᠠ ᠪᠠᠷ ᠬᠤᠷᠰᠢᠯᠴᠠᠬᠤ ᠵᠥᠪᠯᠡᠯᠴᠡᠬᠡᠷ ᠲᠣᠭᠲᠠᠵᠠᠢ᠃ ᠬᠤᠰᠢᠭᠤᠨ ᠤ ᠨᠠᠮ ᠤᠨ ᠬᠤᠷᠢᠶᠠᠨ ᠤ ᠳᠠᠷᠤᠭ᠎ᠠ  ᠢᠦᠢ  ᠳ᠋ᠠᠢ ᠴᠢᠩ ᠪᠠᠷ᠎ᠠ ᠪᠣᠯᠤᠭᠰᠠᠨ᠃
9.13.jpg
        ᠢᠦᠢ  ᠳ᠋ᠠᠢ ᠴᠢᠩ ᠬᠡᠯᠡᠬᠦ ᠳᠡᠭᠡᠨ᠂ ᠲᠦᠩ ᠢᠦ᠋ᠢ ᠺᠦᠨ ᠢᠦ᠋ᠢ ᠴᠦᠨ ᠲᠡᠮᠦᠷᠯᠢᠭ ᠤᠨ ᠦᠢᠯᠡᠳᠬᠦ ᠬᠢᠵᠠᠭᠠᠷᠲᠤ ᠺᠣᠮᠫᠠᠨᠢ ᠶᠢᠨ ᠲᠤᠬᠠᠶᠢᠯᠠᠭᠰᠠᠨ ᠠᠵᠢᠯ ᠥᠷᠭᠡᠨ ᠳᠡᠯᠭᠡᠷ ᠪᠠᠶᠢᠵᠤ᠂ ᠮᠠᠰᠢᠨ ᠲᠡᠷᠭᠡᠨ ᠤ ᠰᠡᠯᠪᠢᠭ ᠲᠣᠨᠤᠭ ᠵᠢᠴᠢ ᠰᠡᠯᠪᠢᠭ ᠲᠣᠨᠤᠭ ᠦᠢᠯᠡᠳᠬᠦ᠂ ᠬᠡᠪ ᠦᠢᠯᠡᠳᠬᠦ᠂ ᠲᠠᠷᠢᠶᠠᠯᠠᠩ ᠤᠨ ᠮᠠᠰᠢᠨ ᠦᠢᠯᠡᠳᠬᠦ ᠵᠡᠷᠭᠡ ᠬᠦᠷᠢᠶ᠎ᠡ ᠶᠢ ᠬᠠᠮᠤᠷᠴᠤ᠂ ᠡᠨᠡ ᠤᠳᠠᠭᠠᠨ ᠤ ᠬᠠᠮᠵᠢᠯᠴᠠᠭᠠᠨ ᠤ ᠵᠥᠪᠳᠡᠯᠴᠡᠬᠡᠷ ᠲᠤ ᠭᠠᠷ ᠤᠨ ᠦᠰᠦᠭ ᠵᠢᠷᠤᠬᠤ ᠪᠣᠯ ᠬᠤᠶᠠᠷ ᠲᠠᠯ᠎ᠠ ᠪᠠᠷ ᠢᠶᠠᠨ ᠬᠤᠷᠰᠢᠯᠴᠠᠬᠤ ᠡᠬᠢᠯᠡᠯᠲᠡ ᠪᠣᠯᠤᠨ᠎ᠠ᠂ ᠬᠤᠶᠠᠷ ᠲᠠᠯ᠎ᠠ ᠪᠠᠷ ᠢᠶᠠᠨ ᠬᠦᠴᠦ ᠬᠠᠮᠲᠤᠳᠬᠠᠨ ᠬᠠᠮᠵᠢᠯᠴᠠᠵᠤ᠂ ᠡᠮᠦᠨᠡᠬᠢ ᠬᠤᠭᠤᠴᠠᠭᠠᠨ ᠤ ᠭᠠᠷᠳᠠᠮ ᠢ ᠳᠠᠷᠦ᠋ᠢᠬᠠᠨ ᠭᠦᠢᠴᠡᠳᠬᠡᠵᠦ᠂ ᠲᠥᠷᠥᠯ ᠵᠦᠢᠯ ᠢ ᠱᠠᠯᠠᠪᠳᠠᠨ ᠭᠠᠵᠠᠷ ᠢᠶᠠᠨ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠵᠢᠯ ᠶᠠᠪᠤᠳᠠᠯ ᠡᠷᠬᠢᠯᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠲᠥᠷᠥᠯ ᠵᠦᠢᠯ ᠢ ᠲᠦᠯᠬᠢᠨ ᠠᠬᠢᠭᠤᠯᠬᠤ ᠳᠠᠬᠢ ᠬᠦᠴᠢᠷᠳᠡᠯ ᠪᠣᠯᠤᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠲᠥᠷᠥᠯ ᠵᠦᠢᠯ ᠤᠨ ᠡᠷᠲᠡᠬᠡᠨ ᠨᠠᠶᠢᠳᠠᠪᠤᠷᠢᠵᠢᠵᠤ ᠦᠷ᠎ᠡ ᠠᠰᠢᠭ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ᠮᠠᠨ ᠤ ᠬᠤᠰᠢᠭᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠦᠢᠯᠡᠴᠢᠯᠡᠭᠡ ᠪᠠᠨ ᠦᠨᠡᠨᠬᠦ ᠰᠠᠶᠢᠵᠢᠷᠠᠭᠤᠯᠵᠤ᠂ ᠲᠡᠷᠢᠭᠦᠨ ᠤ ᠦᠷ᠎ᠡ ᠪᠦᠲᠦᠮᠵᠢ᠂ ᠲᠡᠷᠢᠭᠦᠨ ᠤ ᠦᠢᠯᠡᠴᠢᠯᠡᠭᠡ ᠪᠠᠷ ᠠᠵᠤ ᠠᠬᠤᠶᠢᠯᠠᠯ ᠤᠨ ᠰᠠᠨᠠᠭ᠎ᠠ ᠠᠮᠤᠷ ᠬᠥᠭᠵᠢᠯᠲᠡ ᠶᠢ ᠪᠠᠲᠤᠯᠠᠨ᠎ᠠ᠃        ᠰᠢᠦᠢ ᠵᠦᠩ ᠺᠦᠨ᠂ ᠠᠵᠤ ᠠᠬᠤᠶᠢᠯᠠᠯ ᠡᠨᠡᠬᠦ ᠬᠠᠮᠵᠢᠯᠴᠠᠭ᠎ᠠ ᠪᠠᠷ ᠲᠣᠬᠢᠶᠠᠯ ᠪᠣᠯᠭᠠᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠠᠢ ᠤᠯᠠᠮ ᠣᠶᠢᠯᠠᠭᠠᠯᠴᠠᠵᠤ ᠨᠡᠪᠲᠡᠷᠡᠯᠴᠡᠬᠦ ᠪᠠᠨ ᠴᠢᠩᠭᠠᠳᠬᠠᠵᠤ᠂ ᠳᠥᠷᠪᠡᠳ ᠬᠤᠰᠢᠭᠤᠨ ᠤ ᠣᠷᠣᠨ ᠪᠠᠶᠢᠷᠢ᠂ ᠡᠬᠢ ᠪᠠᠶᠠᠯᠢᠭ ᠤᠨ ᠡᠯᠧᠮᠧᠨᠲ ᠵᠡᠷᠭᠡ ᠣᠨᠴᠠᠭᠠᠢ ᠳᠠᠪᠠᠭᠤᠯᠢᠭ ᠲᠠᠢ ᠤᠶᠠᠯᠳᠤᠭᠤᠯᠤᠨ᠂ ᠥᠪᠡᠷ ᠤᠨ ᠠᠵᠤ ᠦᠢᠯᠡᠰ ᠤᠨ ᠣᠨᠴᠠᠯᠢᠭ ᠢᠶᠠᠨ ᠪᠠᠳᠠᠷᠠᠭᠤᠯᠵᠤ᠂ ᠬᠠᠮᠲᠤᠷᠠᠯᠴᠠᠭᠠᠨ ᠤ ᠲᠥᠷᠥᠯ ᠵᠦᠢᠯ ᠢᠶᠠᠨ ᠲᠦᠷᠭᠡᠨ ᠠᠬᠢᠭᠤᠯᠵᠤ᠂ ᠳᠥᠷᠪᠡᠳ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦ ᠨᠡᠮᠡᠷᠢᠯᠡᠶ᠎ᠡ ᠭᠡᠵᠦ ᠢᠯᠡᠳᠬᠡᠪᠡ᠃        ᠬᠤᠰᠢᠭᠤᠨ ᠤ ᠤᠳᠤᠷᠢᠳᠤᠯᠭ᠎ᠠ ᠵᠢᠶᠠ ᠰᠢᠶᠣᠣ ᠫᠢᠩ᠂ ᠤᠷᠠᠬᠠᠨ᠂ ᠰᠦ ᠰᠢᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠢ᠃ᠢᠷᠡᠯᠲᠡ᠄  ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡᠤᠷᠴᠢᠭᠤᠯᠤᠭᠴᠢ᠄  ᠲᠡᠷᠭᠡᠯᠬᠢᠨᠠᠭᠴᠢ᠄  ᠦᠨᠢᠮᠠᠨᠳᠤᠬᠤᠳᠡᠪᠰᠢᠭᠦᠯᠦᠭᠴᠢ᠄  ᠲᠡᠷᠭᠡᠯ 
 
ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2