ᠤᠯᠠᠭᠠᠨᠴᠠᠪ ᠬᠤᠲᠠ ᠶᠢᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠮᠠᠨ ᠤ ᠬᠤᠰᠢᠭᠤᠨ ᠳᠤ ᠡᠪᠦᠳᠦᠭ ᠤᠨ ᠦᠶ᠎ᠡ ᠰᠣᠯᠢᠬᠤ  ᠮᠡᠰᠡ ᠵᠠᠰᠠᠯ  ᠤᠨ ᠲᠦᠪᠯᠡᠷᠡᠭᠦᠯᠦᠨ  ᠪᠠᠶᠢᠴᠠᠭᠠᠵᠤ ᠬᠠᠷᠢᠭᠤ ᠰᠤᠷᠪᠤᠯᠵᠢᠯᠠᠬᠤ ᠠᠵᠢᠯᠯᠠᠭ᠎ᠠ ᠦᠷᠨᠢᠭᠦᠯᠦᠭᠰᠡᠨ
ᠨᠡᠶᠢᠲᠡᠯᠡᠭᠰᠡᠨ ᠴᠠᠭ᠄
2024/9/4
      ᠤᠯᠠᠭᠠᠨᠴᠠᠪ ᠬᠤᠲᠠ ᠶᠢᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠮᠠᠨ ᠤ ᠬᠤᠰᠢᠭᠤᠨ ᠳᠤ ᠡᠪᠦᠳᠦᠭ ᠤᠨ ᠦᠶ᠎ᠡ ᠰᠣᠯᠢᠬᠤ  ᠮᠡᠰᠡ ᠵᠠᠰᠠᠯ  ᠤᠨ ᠲᠦᠪᠯᠡᠷᠡᠭᠦᠯᠦᠨ  ᠪᠠᠶᠢᠴᠠᠭᠠᠵᠤ ᠬᠠᠷᠢᠭᠤ ᠰᠤᠷᠪᠤᠯᠵᠢᠯᠠᠬᠤ ᠠᠵᠢᠯᠯᠠᠭ᠎ᠠ ᠦᠷᠨᠢᠭᠦᠯᠦᠭᠰᠡᠨ           9 ᠰᠠᠷ᠎ᠠ ᠶᠢᠨ 2 ᠤ ᠡᠳᠦᠷ᠂ ᠤᠯᠠᠭᠠᠨᠴᠠᠪ ᠬᠤᠲᠠ ᠶᠢᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠮᠠᠨ ᠤ ᠬᠤᠰᠢᠭᠤᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠳᠤ ᠡᠪᠦᠳᠦᠭ ᠤᠨ ᠦᠶ᠎ᠡ ᠰᠣᠯᠢᠬᠤ ᠮᠡᠰᠡ ᠵᠠᠰᠠᠯ  ᠤᠨ ᠲᠦᠪᠯᠡᠷᠡᠭᠦᠯᠦᠨ  ᠪᠠᠶᠢᠴᠠᠭᠠᠵᠤ ᠬᠠᠷᠢᠭᠤ ᠰᠤᠷᠪᠤᠯᠵᠢᠯᠠᠭ᠎ᠠ  ᠬᠢᠭᠰᠡᠨ ᠪᠠᠶᠢᠨ᠎ᠠ᠃       ᠥᠪᠥᠷ ᠮᠣᠩᠭᠤᠯ ᠤᠨ ᠬᠢᠯᠢ ᠬᠢᠵᠠᠭᠠᠷ ᠣᠷᠣᠨ ᠤ ᠬᠦᠴᠢᠷᠳᠡᠯᠲᠡᠢ ᠭᠡᠷ ᠪᠦᠯᠢ ᠶᠢᠨ ᠡᠪᠡᠳᠴᠢᠲᠡᠨ ᠤ ᠡᠪᠦᠳᠦᠭ ᠤᠨ ᠦᠶ᠎ᠡ ᠭᠡᠰᠢᠭᠦᠦ ᠰᠣᠯᠢᠬᠤ ᠠᠪᠤᠷᠠᠨ ᠲᠤᠰᠠᠯᠠᠬᠤ ᠠᠵᠢᠯᠯᠠᠭ᠎ᠠ ᠪᠣᠯ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠠᠴᠠ ᠬᠢᠯᠢ ᠬᠢᠵᠠᠭᠠᠷ ᠣᠷᠣᠨ ᠳᠤ ᠥᠷᠨᠢᠭᠦᠯᠦᠭᠰᠡᠨ ᠶᠠᠳᠠᠭᠤ ᠬᠦᠴᠢᠷᠳᠡᠯᠲᠡᠢ ᠭᠡᠷ ᠪᠦᠯᠢ ᠶᠢᠨ ᠡᠪᠡᠳᠴᠢᠲᠡᠨ ᠢ ᠬᠠᠪᠰᠤᠷᠴᠤ ᠡᠷᠡᠭᠦᠯ ᠮᠡᠨᠳᠦ  ᠢ ᠨᠢ ᠰᠡᠷᠭᠦᠭᠡᠵᠦ᠂ ᠠᠮᠢᠳᠤᠷᠠᠯ ᠤᠨ ᠶᠠᠰᠤ ᠴᠢᠨᠠᠷ ᠢ ᠨᠢ ᠳᠡᠭᠡᠭᠰᠢᠯᠡᠭᠦᠯᠬᠦ ᠬᠥᠮᠦᠡᠯᠢᠭ ᠠᠪᠤᠷᠠᠨ ᠲᠤᠰᠠᠯᠠᠬᠤ ᠲᠥᠷᠥᠯ ᠵᠦᠢᠯ᠂  ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠪᠠᠷ 《 ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ᠂ ᠬᠢᠯᠢ ᠬᠢᠵᠠᠭᠠᠷ ᠢ ᠲᠣᠭᠲᠠᠭᠤᠨ ᠪᠠᠶᠢᠯᠭᠠᠬᠤ 》 ᠶᠢ ᠬᠦᠴᠦᠯᠡᠨ ᠲᠤᠰᠠᠯᠠᠵᠤ᠂ ᠬᠢᠯᠢ ᠬᠢᠵᠠᠭᠠᠷ ᠣᠷᠣᠨ ᠤ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ ᠠᠷᠠᠳ ᠤᠨ ᠠᠮᠢᠳᠤᠷᠠᠯ  ᠳᠤ ᠦᠢᠯᠡᠴᠢᠯᠡᠬᠦ ᠢᠨᠵᠧᠨᠧᠷᠢᠩ ᠪᠣᠯᠤᠨ᠎ᠠ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄    ᠰᠤᠷᠤᠨ᠎ᠠ     ᠬᠦᠰᠡᠯᠡᠩ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ 
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2