ᠲᠠᠪᠤᠨ ᠮᠣᠵᠢ ᠣᠷᠣᠨ ᠤ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠤᠳᠤᠯᠤᠨ ᠶᠠᠷᠢᠯᠴᠠᠬᠤ ᠬᠤᠷᠠᠯ ᠮᠠᠨ ᠤ ᠬᠤᠰᠢᠭᠤᠨ ᠳᠤ ᠬᠤᠷᠠᠯᠳᠤᠭᠰᠠᠨ
ᠨᠡᠶᠢᠲᠡᠯᠡᠭᠰᠡᠨ ᠴᠠᠭ᠄
2024/9/4
      ᠲᠠᠪᠤᠨ ᠮᠣᠵᠢ ᠣᠷᠣᠨ ᠤ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠤᠳᠤᠯᠤᠨ ᠶᠠᠷᠢᠯᠴᠠᠬᠤ ᠬᠤᠷᠠᠯ ᠮᠠᠨ ᠤ ᠬᠤᠰᠢᠭᠤᠨ ᠳᠤ ᠬᠤᠷᠠᠯᠳᠤᠭᠰᠠᠨ              ᠣᠶᠢᠷ᠎ᠠ ᠶᠢᠨ ᠡᠳᠦᠷ᠂ ᠥᠪᠥᠷ ᠮᠣᠩᠭᠤᠯ ᠤᠨ ᠴᠢᠯᠠᠭᠤᠨ ᠲᠣᠰᠣ ᠪᠣᠯᠤᠨ ᠬᠢᠮᠢ ᠶᠢᠨ ᠠᠵᠤ ᠦᠢᠯᠡᠳᠪᠦᠷᠢ ᠶᠢᠨ ᠨᠡᠶᠢᠭᠡᠮᠯᠢᠭ᠂ ᠾᠧᠪᠧᠢ ᠮᠣᠵᠢ ᠶᠢᠨ ᠴᠢᠯᠠᠭᠤᠨ ᠲᠣᠰᠣ ᠪᠣᠯᠤᠨ ᠬᠢᠮᠢ ᠶᠢᠨ ᠠᠵᠤ ᠦᠢᠯᠡᠳᠪᠦᠷᠢ ᠶᠢᠨ ᠨᠡᠶᠢᠭᠡᠮᠯᠢᠭ ᠵᠡᠷᠭᠡ ᠲᠠᠪᠤᠨ ᠮᠣᠵᠢ ᠣᠷᠣᠨ ᠤ ᠠᠵᠢᠯ ᠲᠥᠷᠥᠯ ᠤᠨ ᠨᠡᠶᠢᠭᠡᠮᠯᠢᠭ ᠲᠠᠢ ᠬᠠᠮᠲᠤᠷᠠᠨ ᠲᠠᠪᠤᠨ ᠮᠣᠵᠢ ᠣᠷᠣᠨ ᠤ ᠬᠢᠮᠢ ᠶᠢᠨ ᠠᠵᠤ ᠦᠢᠯᠡᠳᠪᠦᠷᠢ ᠶᠢᠨ ᠥᠨᠳᠥᠷ ᠶᠠᠰᠤ ᠴᠢᠨᠠᠷ ᠲᠠᠢ ᠬᠥᠭᠵᠢᠯᠲᠡ ᠶᠢᠨ ᠰᠤᠳᠤᠯᠤᠨ ᠶᠠᠷᠢᠯᠴᠠᠬᠤ ᠬᠤᠷᠠᠯ  ᠬᠢᠭᠰᠡᠨ ᠪᠠᠶᠢᠨ᠎ᠠ᠃       ᠬᠤᠷᠠᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠥᠪᠥᠷ ᠮᠣᠩᠭᠤᠯ ᠤᠨ ᠶᠦᠩ ᠾᠧ ᠹᠯᠣᠷ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠵᠥᠭᠡᠯᠡᠨ ᠬᠠᠲᠠᠭᠤ ᠲᠣᠨᠤᠭ ᠤᠨ ᠲᠥᠬᠦᠭᠡᠷᠦᠮᠵᠢ ᠵᠢᠴᠢ ᠬᠥᠭᠵᠢᠯᠲᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠲᠣᠭᠤᠷᠢᠨ  ᠦᠵᠡᠵᠦ᠂ ᠳᠠᠷᠠᠭ᠎ᠠ ᠨᠢ ᠠᠵᠢᠯ ᠤᠨ ᠰᠣᠯᠢᠯᠴᠠᠭ᠎ᠠ ᠪᠠ ᠭᠤᠣᠯᠳᠠᠯᠭ᠎ᠠ ᠲᠠᠢ ᠠᠵᠤ ᠠᠬᠤᠶᠢᠯᠠᠯ ᠤᠨ ᠰᠠᠭᠤᠳᠠᠯ ᠤᠨ ᠬᠤᠷᠠᠯ ᠬᠢᠵᠦ᠂ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠂ ᠠᠵᠢᠯ ᠲᠥᠷᠥᠯ ᠤᠨ ᠴᠢᠨᠠᠷ ᠰᠠᠶᠢᠲᠠᠢ ᠬᠥᠭᠵᠢᠯᠲᠡ᠂ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠬᠢᠭᠡᠳ ᠬᠥᠭᠵᠢᠯᠲᠡ ᠪᠣᠯᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠲᠥᠪᠯᠡᠷᠡᠯ ᠤᠨ ᠪᠦᠲᠦᠭᠡᠨ ᠪᠠᠶᠢᠭᠤᠯᠤᠯᠲᠠ ᠵᠡᠷᠭᠡ ᠵᠥᠪᠯᠡᠬᠦ ᠰᠡᠳᠦᠪ ᠤᠨ ᠲᠣᠭᠤᠷᠢᠨ ᠳᠤ ᠭᠦᠨᠵᠡᠭᠡᠢ ᠰᠤᠳᠤᠯᠤᠨ ᠶᠠᠷᠢᠯᠴᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠥᠷᠥᠯ ᠪᠣᠯᠤᠨ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠠᠷᠭ᠎ᠠ ᠤᠬᠠᠭᠠᠨ  ᠭᠠᠷᠭᠠᠭᠰᠠᠨ ᠪᠠᠶᠢᠨ᠎ᠠ᠃       ᠲᠤᠰ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠬᠤᠷᠠᠯ ᠢ ᠥᠪᠥᠷ ᠮᠣᠩᠭᠤᠯ ᠤᠨ ᠴᠢᠯᠠᠭᠤᠨ ᠲᠣᠰᠣ ᠪᠠ ᠬᠢᠮᠢ ᠶᠢᠨ ᠠᠵᠤ ᠦᠢᠯᠡᠳᠪᠦᠷᠢ ᠶᠢᠨ ᠨᠡᠶᠢᠭᠡᠮᠯᠢᠭ ᠠᠴᠠ ᠭᠤᠣᠯᠯᠠᠨ ᠡᠷᠬᠢᠯᠡᠵᠦ᠂ ᠣᠷᠳᠣᠰ ᠤᠨ  ᠵᠦᠡᠭᠭᠠᠷ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠮᠠᠨ ᠤ ᠬᠤᠰᠢᠭᠤᠨ ᠤ ᠳᠥᠷᠪᠡᠳ ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠠᠴᠠ ᠬᠠᠪᠰᠤᠷᠤᠨ ᠡᠷᠬᠢᠯᠡᠪᠡ ᠃       ᠬᠤᠷᠠᠯ ᠨᠢ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠤᠨ 《 ᠰᠢᠨ᠎ᠡ ᠵᠠᠮ ᠢ ᠰᠢᠪᠲᠤᠯᠵᠤ᠂ ᠳᠤᠮᠳᠠ ᠲᠦᠪᠰᠢᠨ ᠳᠤ ᠣᠷᠣᠬᠤ 》 ᠲᠤᠬᠠᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠥᠷᠥᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠪᠠᠷ ᠵᠣᠷᠢᠯᠭ᠎ᠠ  ᠪᠣᠯᠭᠠᠭᠰᠠᠨ ᠪᠠᠶᠢᠨ᠎ᠠ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄ ᠲᠠᠨ᠎ᠠ   ᠬᠦᠰᠡᠯᠡᠩ ᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2