ᠰᠢ ᠶᠢᠨ ᠫᠢᠩ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠡᠳᠦᠷ ᠲᠤᠲᠤᠮ ᠳᠤ ᠠᠭᠤᠰᠤᠯᠴᠠᠭᠤᠯᠵᠤ ᠪᠠᠶ᠋ᠢᠩᠭᠤ ᠠᠳᠬᠤᠬᠤ ᠶᠢ ᠪᠠᠷᠢᠮᠲᠠᠯᠠᠵᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠴᠢᠨᠠᠷ ᠰᠠᠶᠢᠲᠠᠢ  ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2024/9/4
      ᠰᠢ ᠶᠢᠨ ᠫᠢᠩ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠡᠳᠦᠷ ᠲᠤᠲᠤᠮ ᠳᠤ ᠠᠭᠤᠰᠤᠯᠴᠠᠭᠤᠯᠵᠤ ᠪᠠᠶ᠋ᠢᠩᠭᠤ ᠠᠳᠬᠤᠬᠤ ᠶᠢ ᠪᠠᠷᠢᠮᠲᠠᠯᠠᠵᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠴᠢᠨᠠᠷ ᠰᠠᠶᠢᠲᠠᠢ  ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ      ᠼᠠᠢ ᠴᠢ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ  ᠳᠤᠭᠤᠶᠢᠯᠠᠩ ᠤᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ    ᠯᠢ ᠰᠢ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ          ᠰᠢᠨᠬᠤᠸᠠ ᠬᠤᠷᠢᠶ᠎ᠠ ᠶᠢᠨ ᠪᠡᠭᠡᠵᠢᠩ ᠤᠨ 8 ᠰᠠᠷ᠎ᠠ ᠶᠢᠨ 30 ᠤ ᠴᠠᠭᠢᠯᠭᠠᠨ ᠮᠡᠳᠡᠭᠡ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ  ᠤᠶᠢᠷ᠎ᠠ ᠳᠤ ᠴᠢᠬᠤᠯᠠ ᠵᠢᠭᠠᠪᠤᠷᠢ ᠥᠭᠴᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠳᠤ ᠢᠳᠡᠪᠬᠢᠲᠡᠢ ᠦᠷ᠎ᠡ ᠪᠦᠲᠦᠮᠵᠢ ᠣᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ  ᠭᠦᠨᠵᠡᠭᠡᠶᠢᠷᠡᠭᠦᠯᠬᠦ  ᠳᠤ᠂ ᠡᠳᠦᠷ ᠲᠤᠲᠤᠮ ᠳᠤ ᠠᠭᠤᠰᠤᠯᠴᠠᠭᠤᠯᠵᠤ  ᠪᠠᠶᠢᠩᠭᠤ ᠠᠳᠬᠤᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠴᠢᠨᠠᠷ  ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠡᠭᠦᠷᠭᠡ ᠶᠢᠨ  ᠨᠠᠶᠢᠳᠠᠪᠤᠷᠢᠵᠢᠭᠤᠯᠤᠯᠲᠠ ᠶᠢ  ᠰᠠᠶᠢᠨ  ᠢᠶᠠᠷ ᠡᠬᠢᠯᠡᠭᠦᠯᠵᠦ  ᠰᠠᠶᠢᠨ ᠢᠶᠠᠷ ᠲᠡᠭᠦᠰᠬᠡᠵᠦ  ᠰᠠᠶᠢᠳᠤᠷ ᠠᠳᠬᠤᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠰᠡᠭᠦᠯ ᠬᠤᠷᠢᠶᠠᠬᠤ ᠠᠵᠢᠯ ᠢ  ᠰᠠᠶᠢᠳᠤᠷ  ᠠᠳᠬᠤᠬᠤ   ᠬᠡᠷᠡᠭᠲᠡᠢ᠃ ᠰᠠᠬᠢᠯᠭ᠎ᠠ ᠪᠠᠲᠤ ᠶᠢ ᠰᠤᠷᠤᠯᠴᠠᠵᠤ ᠰᠠᠬᠢᠯᠭ᠎ᠠ ᠪᠠᠲᠤ ᠶᠢ ᠮᠡᠳᠡᠵᠤ ᠰᠠᠬᠢᠯᠭ᠎ᠠ ᠪᠠᠲᠤ ᠶᠢ ᠲᠣᠳᠣᠷᠬᠠᠢ  ᠤᠶᠢᠯᠭᠠᠵᠣ ᠰᠠᠬᠢᠯᠭ᠎ᠠ ᠪᠠᠲᠤ ᠶᠢ ᠰᠠᠬᠢᠬᠤ ᠶᠢ  ᠪᠠᠶᠢᠩᠭᠤᠵᠢᠭᠤᠯᠤᠨ ᠠᠬᠢᠭᠤᠯᠵᠤ᠂  ᠪᠠᠶᠢᠩᠭᠤ ᠶᠢᠨ ᠴᠢᠨᠠᠷ ᠪᠠ ᠲᠥᠪᠯᠡᠷᠡᠩᠭᠦᠢ ᠴᠢᠨᠠᠷ ᠢ ᠤᠶᠠᠯᠳᠤᠭᠤᠯᠤᠭᠰᠠᠨ ᠰᠠᠬᠢᠯᠭ᠎ᠠ ᠪᠠᠲᠤ ᠶᠢᠨ ᠬᠥᠮᠦᠵᠢᠯ ᠤᠨ ᠲᠣᠭᠲᠠᠴᠠ ᠶᠢ  ᠪᠠᠶᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠤᠨ ᠬᠢᠵᠠᠭᠠᠷᠯᠠᠬᠤ᠂ ᠪᠠᠲᠤᠯᠠᠨ ᠵᠣᠷᠢᠭᠵᠢᠭᠤᠯᠬᠤ ᠦᠢᠯᠡᠳᠦᠯ ᠢ  ᠶᠡᠷᠦᠩᠬᠡᠶᠢᠯᠡᠨ ᠪᠠᠳᠠᠷᠠᠭᠤᠯᠬᠤ ᠬᠡᠷᠡᠭᠲᠡᠢ᠃ ᠢᠯᠵᠢᠷᠡᠯ ᠤᠨ ᠡᠭᠦᠰᠦᠨ ᠳᠡᠯᠭᠡᠷᠡᠬᠦ ᠬᠥᠷᠥᠰᠥ ᠰᠢᠷᠣᠢ ᠪᠠ ᠨᠥᠬᠦᠴᠡᠯ ᠢ ᠬᠦᠴᠦᠯᠡᠨ ᠠᠷᠢᠯᠭᠠᠵᠤ᠂ ᠨᠡᠮᠡᠭᠳᠡᠯ ᠢ ᠨᠡᠩ ᠪᠦᠲᠦᠮᠵᠢᠲᠡᠢ ᠬᠤᠷᠢᠭᠯᠠᠵᠤ᠂ ᠦᠯᠡᠳᠡᠭᠳᠡᠯ ᠢ ᠠᠷᠢᠯᠭᠠᠬᠤ ᠬᠡᠷᠡᠭᠲᠡᠢ᠃ ᠨᠠᠮ ᠤᠨ ᠭᠡᠰᠢᠭᠦᠨ᠂ ᠺᠠᠳ᠋ᠷ ᠤᠨ ᠳᠦᠷᠢᠮ ᠲᠣᠭᠲᠠᠭᠠᠯ ᠰᠠᠬᠢᠯᠭ᠎ᠠ ᠪᠠᠲᠤ ᠶᠢ ᠵᠢᠷᠤᠮᠯᠠᠭᠰᠠᠨ ᠤᠷᠢᠲᠠᠯ ᠳᠣᠣᠷ᠎ᠠ᠂ ᠰᠢᠷᠭᠠᠭᠤ ᠠᠵᠢᠯᠯᠠᠵᠤ᠂ ᠵᠣᠷᠢᠭᠲᠠᠢ ᠠᠵᠢᠯᠯᠠᠵᠤ᠂  ᠡᠷᠡᠮᠡᠬᠡᠶᠢᠯᠡᠨ ᠤᠷᠤᠭᠰᠢᠯᠠᠵᠤ᠂ ᠢᠳᠡᠪᠬᠢᠲᠡᠢ ᠠᠵᠢᠯᠯᠠᠬᠤ ᠶᠢ ᠬᠥᠲᠥᠯᠥᠨ ᠵᠢᠯᠤᠭᠤᠳᠴᠤ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃            ᠲᠥᠪ ᠤᠨ ᠨᠠᠮ ᠤᠨ  ᠪᠠᠶᠢᠭᠤᠯᠤᠯᠲᠠ ᠶᠢᠨ ᠠᠵᠢᠯ ᠤᠨ ᠤᠳᠤᠷᠢᠳᠬᠤ  ᠳᠤᠭᠤᠶᠢᠯᠠᠩ 30 ᠤ ᠡᠳᠦᠷ ᠬᠤᠷᠠᠯ ᠬᠤᠷᠠᠯᠳᠤᠭᠤᠯᠵᠤ᠂ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠵᠤ᠂ ︽ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ  ᠪᠠᠶᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠳᠠᠢ ᠪᠤᠯᠭᠠᠬᠤ ᠶᠢ ᠠᠬᠢᠭᠤᠯᠬᠤ ᠲᠤᠬᠠᠢ ᠰᠠᠨᠠᠯ︾ ᠢ ᠬᠢᠨᠠᠨ ᠶᠠᠷᠢᠯᠴᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠳ᠋ᠦ᠋ᠩᠨᠡᠪᠡ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ  ᠪᠠᠶᠢᠩᠭᠤ ᠶᠢᠨ ᠭᠡᠰᠢᠭᠦᠨ᠂ ᠲᠥᠪ ᠤᠨ ᠨᠠᠮ ᠤᠨ  ᠪᠠᠶᠢᠭᠤᠯᠤᠯᠲᠠ ᠶᠢᠨ ᠠᠵᠢᠯ ᠤᠨ ᠤᠳᠤᠷᠢᠳᠬᠤ  ᠳᠤᠭᠤᠶᠢᠯᠠᠩ ᠤᠨ ᠳᠠᠷᠤᠭ᠎ᠠ ᠼᠠᠢ ᠴᠢ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ  ᠪᠠᠶᠢᠩᠭᠤ  ᠶᠢᠨ ᠭᠡᠰᠢᠭᠦᠨ᠂ ᠲᠥᠪ ᠤᠨ ᠨᠠᠮ ᠤᠨ  ᠪᠠᠶᠢᠭᠤᠯᠤᠯᠲᠠ ᠶᠢᠨ ᠠᠵᠢᠯ ᠤᠨ ᠤᠳᠤᠷᠢᠳᠬᠤ  ᠳᠤᠭᠤᠶᠢᠯᠠᠩ  ᠤᠨ ᠳᠡᠳ᠋ ᠳᠠᠷᠤᠭ᠎ᠠ ᠯᠢ ᠰᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃             ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠣᠯᠣᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ  ᠭᠦᠨᠵᠡᠭᠡᠶᠢᠷᠡᠭᠦᠯᠬᠦ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠤ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭᠠᠲᠤ ᠴᠢᠨᠠᠷ᠂ ᠬᠠᠨᠳᠤᠯᠭᠠᠲᠤ ᠴᠢᠨᠠᠷ᠂ ᠵᠢᠯᠤᠭᠤᠳᠬᠤ ᠴᠢᠨᠠᠷ ᠲᠠᠢ ᠶᠤᠮ᠂ ᠨᠠᠷᠢᠨ ᠬᠢᠨᠠᠮᠠᠭᠠᠢ ᠰᠤᠷᠤᠯᠴᠠᠨ  ᠤᠠᠶᠢᠯᠭᠠᠵᠤ᠂ ᠲᠤᠭᠤᠰᠢᠯᠠᠭᠤᠯᠤᠨ  ᠨᠠᠶᠢᠳᠠᠪᠤᠷᠢᠵᠢᠭᠤᠯᠬᠤ ᠶᠢ ᠪᠦᠭᠦ ᠲᠠᠯ᠎ᠠ ᠪᠠᠷ  ᠰᠠᠶᠢᠳᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠵᠠᠢ᠃            ᠬᠤᠷᠠᠯ ᠠᠴᠠ᠂ ᠡᠨᠡ ᠤᠳᠠᠭ᠎ᠠ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠣᠳᠣᠬᠠᠨ ᠳᠤ ᠦᠨᠳᠦᠰᠦᠨ ᠳᠡᠭᠡᠨ ᠳᠠᠭᠤᠰᠪᠠ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠰᠠᠶᠢᠨ ᠲᠤᠷᠰᠢᠯᠭ᠎ᠠ ᠰ᠊ ᠰᠠᠶᠢᠨ ᠬᠢᠳᠡᠯ ᠢ ᠳ᠋ᠦ᠋ᠩᠨᠡᠨ ᠬᠡᠷᠡᠭᠯᠡᠵᠦ᠂ ᠰᠠᠬᠢᠯᠭ᠎ᠠ ᠪᠠᠲᠤ ᠶᠢᠨ  ᠪᠠᠶᠢᠭᠤᠯᠤᠯᠲᠠ ᠶᠢᠨ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ᠂ ᠨᠠᠮ ᠤᠨ  ᠪᠠᠶᠢᠭᠤᠯᠤᠯᠲᠠ ᠶᠢ ᠴᠢᠩᠭᠠᠳᠬᠠᠬᠤ᠂ ᠨᠠᠮ ᠤᠨ ᠦᠢᠯᠡᠰ ᠢ ᠠᠬᠢᠭᠤᠯᠬᠤ ᠳᠤ ᠦᠵᠡᠭᠦᠯᠭᠦ ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠨᠠᠮ ᠤᠨ ᠭᠡᠰᠢᠭᠦᠨ᠂ ᠺᠠᠳ᠋ᠷᠴᠤᠳ ᠢ ᠵᠣᠬᠢᠶᠠᠨ ᠪᠠᠶᠢᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ  ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠢ  ᠪᠠᠶᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠤᠯᠭᠠᠬᠤ ᠶᠢ ᠠᠬᠢᠭᠤᠯᠵᠤ᠂ ︽ᠨᠢᠭᠡᠳᠦᠭᠡᠷ ᠭᠠᠷ︾᠂ ᠵᠠᠯᠠᠭᠤ ᠺᠠᠳ᠋ᠷ᠂ ᠰᠢᠨ᠎ᠡ ᠪᠠᠷ ᠳᠡᠪᠰᠢᠭᠦᠯᠦᠭᠰᠡᠨ ᠺᠠᠳ᠋ᠷ ᠲᠤ ᠰᠠᠬᠢᠯᠭ᠎ᠠ ᠪᠠᠲᠤ ᠶᠢᠨ ᠪᠣᠯᠪᠠᠰᠤᠷᠠᠯ ᠬᠦᠷᠲᠡᠭᠡᠬᠦ ᠡᠷᠴᠢᠮ ᠢᠶᠠᠨ ᠴᠢᠩᠭᠠᠷᠠᠭᠤᠯᠵᠤ᠂ ᠰᠠᠬᠢᠯᠭ᠎ᠠ ᠪᠠᠲᠤ ᠶᠢᠨ ᠬᠥᠮᠦᠵᠢᠯ ᠢ ᠨᠠᠮ ᠤᠨ ᠭᠡᠰᠢᠭᠦᠨ᠂ ᠺᠠᠳ᠋ᠷ ᠤᠨ ᠡᠳᠦᠷ ᠲᠤᠳᠤᠮ ᠤᠨ ᠬᠥᠮᠦᠵᠢᠯ ᠬᠠᠮᠢᠶᠠᠷᠤᠯᠲᠠ ᠬᠢᠨᠠᠯᠲᠠ ᠳᠤ ᠠᠭᠤᠰᠤᠯᠴᠠᠭᠤᠯᠬᠤ ᠬᠡᠷᠡᠭᠲᠡᠢ᠃ ᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠠᠯ ᠠᠴᠠ ᠨᠠᠭᠠᠰᠢ ᠰᠠᠬᠢᠯᠭ᠎ᠠ ᠪᠠᠲᠤ ᠶᠢᠨ  ᠪᠠᠶᠢᠭᠤᠯᠤᠯᠲᠠ ᠶᠢ ᠴᠢᠩᠭᠠᠳᠬᠠᠭᠰᠠᠨ ᠠᠮᠵᠢᠯᠲᠠ ᠲᠠᠢ ᠲᠤᠷᠰᠢᠯᠭ᠎ᠠ ᠶᠢ ᠠᠰᠢᠭᠯᠠᠵᠤ᠂ ᠴᠢᠨᠠᠷ  ᠰᠠᠶᠢᠲᠠᠢ ᠰᠠᠬᠢᠯᠭ᠎ᠠ ᠪᠠᠲᠤ ᠶᠢᠨ  ᠪᠠᠶᠢᠭᠤᠯᠤᠯᠲᠠ  ᠪᠠᠷ ᠨᠠᠮ ᠤᠨ  ᠪᠠᠶᠢᠭᠤᠯᠤᠯᠲᠠ ᠶᠢᠨ ᠲᠦᠪᠰᠢᠨ ᠢ ᠠᠬᠢᠭᠤᠯᠵᠤ᠂ ᠪᠦᠭᠦ ᠨᠠᠮ ᠢᠶᠠᠷ ᠢᠶᠠᠨ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ  ᠤᠶᠢᠯᠠᠭᠠᠬᠤ  ᠶᠢ ᠠᠬᠢᠭᠤᠯᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ︽ᠲᠦᠷᠪᠡᠨ ᠵᠦᠢᠯ ᠤᠨ ᠭᠡᠯᠪᠡᠷᠢ  ᠪᠠᠶᠢᠳᠠᠯ︾ ᠢ ᠣᠨᠣᠪᠴᠢᠲᠠᠢ ᠬᠡᠷᠡᠭᠯᠡᠵᠦ᠂ ︽ᠭᠤᠷᠪᠠ ᠶᠢ ᠢᠯᠭᠠᠬᠤ︾ ᠶᠢ  ᠨᠠᠶᠢᠳᠠᠪᠤᠷᠢᠵᠢᠭᠤᠯᠵᠤ ᠣᠨᠣᠪᠴᠢᠲᠠᠢ ᠵᠢᠷᠤᠮᠵᠢᠯ ᠲᠠᠢ ᠪᠠᠷ ᠰᠠᠬᠢᠯᠭ᠎ᠠ ᠪᠠᠲᠤ ᠶᠢ ᠬᠡᠷᠡᠭᠵᠢᠭᠦᠯᠬᠦ ᠪᠠᠷ ᠳᠠᠮᠵᠢᠨ ᠺᠠᠳ᠋ᠷᠴᠤᠳ ᠤᠨ ᠨᠡᠩ  ᠰᠠᠶᠢᠨ ᠢᠶᠠᠷ ᠠᠵᠢᠯ ᠬᠢᠵᠦ ᠦᠢᠯᠡᠰ ᠪᠣᠰᠬᠠᠬᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ  ᠴᠢᠷᠮᠠᠶᠢᠯᠭ᠎ᠠ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃             ᠯᠢ ᠭᠠᠨ ᠵᠢᠶᠧ᠂ ᠯᠢ  ᠱᠤ᠋ ᠯᠧᠢ᠂   ᠮᠤ᠋ ᠬᠤᠩ᠂ ᠵᠢᠶᠠᠩ ᠰᠢᠨ ᡁᠢ   ᠬᠤᠷᠠᠯ ᠳᠤ ᠣᠷᠣᠯᠴᠠᠪᠠ ᠃             ᠲᠥᠪ ᠤᠨ ᠨᠠᠮ ᠤᠨ  ᠪᠠᠶᠢᠭᠤᠯᠤᠯᠲᠠ ᠶᠢᠨ ᠠᠵᠢᠯ ᠤᠨ ᠤᠳᠤᠷᠢᠳᠬᠤ  ᠳᠤᠭᠤᠶᠢᠯᠠᠩ ᠤᠨ ᠪᠦᠷᠢᠯᠳᠦᠭᠦᠨ ᠨᠠᠷ ᠬᠤᠷᠠᠯ ᠳᠤ ᠣᠷᠣᠯᠴᠠᠪᠠ᠃   ᠳᠡᠪᠰᠢᠭᠦᠯᠦᠭᠴᠢ ᠄  ᠲᠡᠷᠭᠡᠯ 
 
ᠢᠷᠡᠯᠲᠡ᠄ ᠦᠪᠦᠷ ᠮᠤᠩᠭᠤᠯ  ᠤᠨ ᠵᠠᠰᠠᠭ  ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2