ᠡᠷᠲᠡ ᠴᠢᠯᠥᠭᠡᠯᠡᠭᠳᠡᠭᠰᠡᠨ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠨᠡᠶᠢᠭᠡᠮᠯᠢᠭ ᠤᠨ ᠪᠠᠶᠢᠴᠠᠭᠠᠯᠲᠠ ᠶᠢᠨ ᠰᠠᠭᠤᠳᠠᠯ ᠤᠨ ᠬᠤᠷᠠᠯ ᠮᠠᠨ ᠤ ᠬᠤᠰᠢᠭᠤᠨ ᠳᠤ ᠬᠤᠷᠠᠯᠳᠤᠭᠰᠠᠨ
ᠨᠡᠶᠢᠲᠡᠯᠡᠭᠰᠡᠨ ᠴᠠᠭ᠄
2024/9/9
      ᠡᠷᠲᠡ ᠴᠢᠯᠥᠭᠡᠯᠡᠭᠳᠡᠭᠰᠡᠨ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠨᠡᠶᠢᠭᠡᠮᠯᠢᠭ ᠤᠨ ᠪᠠᠶᠢᠴᠠᠭᠠᠯᠲᠠ ᠶᠢᠨ ᠰᠠᠭᠤᠳᠠᠯ ᠤᠨ ᠬᠤᠷᠠᠯ ᠮᠠᠨ ᠤ ᠬᠤᠰᠢᠭᠤᠨ ᠳᠤ ᠬᠤᠷᠠᠯᠳᠤᠭᠰᠠᠨ       ᠳᠤᠮᠳᠠᠳᠤ ᠤᠯᠤᠰ ᠤᠨ ᠡᠷᠲᠡ ᠴᠢᠯᠥᠭᠡᠯᠡᠭᠳᠡᠭᠰᠡᠨ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠨᠡᠶᠢᠭᠡᠮᠯᠢᠭ ᠤᠨ《 2024 ᠣᠨ ᠤ ᠭᠤᠷᠪᠠᠨ ᠲᠥᠷᠥᠯ ᠤᠨ ᠣᠨᠴᠠᠭᠠᠢ ᠬᠡᠯᠪᠡᠷᠢ ᠶᠢᠨ ᠳᠠᠪᠬᠤᠴᠠᠭᠰᠠᠨ ᠭᠠᠵᠠᠷ ᠣᠷᠣᠨ ᠤ ᠬᠠᠪᠰᠤᠷᠤᠨ ᠲᠡᠳᠬᠦᠬᠦ ᠪᠠ ᠬᠥᠳᠡᠭᠡ ᠲᠣᠰᠬᠤᠨ ᠤ ᠬᠥᠭᠵᠢᠯᠲᠡ ᠶᠢᠨ ᠪᠠᠶᠢᠳᠠᠯ 》 ᠢ ᠪᠠᠶᠢᠴᠠᠭᠠᠬᠤ ᠰᠠᠭᠤᠳᠠᠯ ᠤᠨ ᠬᠤᠷᠠᠯ ᠮᠠᠨ ᠤ ᠬᠤᠰᠢᠭᠤᠨ ᠳᠤ ᠬᠤᠷᠠᠯᠳᠤᠭᠰᠠᠨ ᠪᠠᠶᠢᠨ᠎ᠠ᠃      ᠰᠠᠭᠤᠳᠠᠯ ᠤᠨ ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠰᠢᠦᠸᠠᠢ ᠴᠦᠨ ᠪᠠᠶᠢᠴᠠᠭᠠᠯᠲᠠ ᠶᠢᠨ ᠳᠤᠭᠤᠶᠢᠯᠠᠩ ᠤᠨ ᠬᠢᠨ ᠳᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ᠂ ᠬᠠᠪᠰᠤᠷᠤᠨ ᠲᠡᠳᠬᠦᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠲᠠᠨᠢᠯᠴᠠᠭᠤᠯᠵᠤ ᠂ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠠᠨᠳᠤᠯᠭᠠᠲᠤ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠴᠤ᠂ ᠠᠵᠤ ᠦᠢᠯᠡᠰ ᠢ ᠨᠡᠭᠡᠭᠡᠨ ᠬᠥᠭᠵᠢᠭᠦᠯᠬᠦ᠂ ᠲᠥᠷᠥᠯ ᠵᠦᠢᠯ ᠤᠨ ᠲᠣᠬᠢᠷᠠᠭᠤᠯᠤᠯᠲᠠ᠂ ᠪᠡᠯᠡ ᠮᠥᠩᠭᠦ ᠶᠢᠨ ᠣᠷᠣᠭᠤᠯᠤᠯᠲᠠ ᠵᠡᠷᠭᠡ ᠲᠠᠯ᠎ᠠ ᠪᠠᠷ ᠡᠷᠴᠢᠮ ᠢᠶᠠᠨ ᠴᠢᠩᠭᠠᠳᠬᠠᠵᠤ᠂ ᠭᠤᠷᠪᠠᠨ ᠲᠥᠷᠥᠯ ᠤᠨ ᠣᠨᠴᠠᠭᠠᠢ ᠬᠡᠯᠪᠡᠷᠢ ᠶᠢᠨ ᠳᠠᠪᠬᠤᠴᠠᠭᠰᠠᠨ ᠭᠠᠵᠠᠷ ᠣᠷᠣᠨ ᠤ ᠬᠥᠭᠵᠢᠯᠲᠡ ᠶᠢ ᠳᠡᠮᠵᠢᠬᠦ ᠶᠢ ᠬᠦᠰᠡᠵᠦ᠂         ᠬᠤᠷᠠᠯ ᠳᠤ ᠣᠷᠣᠯᠴᠠᠭᠰᠠᠳ ᠪᠠᠶᠢᠴᠠᠭᠠᠯᠲᠠ ᠶᠢᠨ ᠭᠤᠣᠯ ᠰᠡᠳᠦᠪ ᠤᠨ ᠲᠤᠬᠠᠢ ᠭᠦᠨᠵᠡᠭᠡᠢ ᠰᠣᠯᠢᠯᠴᠠᠭ᠎ᠠ ᠬᠢᠵᠦ᠂ ᠮᠠᠨ ᠤ ᠬᠤᠰᠢᠭᠤᠨ ᠤ ᠣᠶᠢᠷ᠎ᠠ ᠶᠢᠨ ᠵᠢᠯ ᠠᠴᠠ ᠨᠠᠰᠢᠬᠢ ᠡᠷᠲᠡ ᠴᠢᠯᠥᠭᠡᠯᠡᠭᠳᠡᠭᠰᠡᠨ ᠣᠷᠣᠨ ᠤ ᠪᠦᠲᠦᠭᠡᠨ ᠪᠠᠶᠢᠭᠤᠯᠤᠯᠲᠠ  ᠶᠢᠨ ᠠᠬᠢᠭᠤᠯᠤᠭᠰᠠᠨ ᠠᠵᠢᠯ ᠵᠢᠴᠢ ᠣᠯᠤᠭᠰᠠᠨ ᠦᠷ᠎ᠡ ᠪᠦᠲᠦᠮᠵᠢ ᠶᠢ ᠭᠦᠢᠴᠡᠳ ᠨᠤᠳᠠᠯᠠᠭᠰᠠᠨ ᠪᠠᠶᠢᠨ᠎ᠠ᠃        ᠳᠤᠮᠳᠠᠳᠤ ᠤᠯᠤᠰ ᠤᠨ ᠡᠷᠲᠡ ᠴᠢᠯᠥᠭᠡᠯᠡᠭᠳᠡᠭᠰᠡᠨ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠨᠡᠶᠢᠭᠡᠮᠯᠢᠭ ᠤᠨ ᠳᠡᠳ᠋ ᠳᠠᠷᠤᠭ᠎ᠠ ᠶᠠᠩ ᠴᠢᠩ ᠳᠠᠩ᠂ ᠨᠡᠶᠢᠭᠡᠮᠯᠢᠭ ᠤᠨ ᠭᠡᠰᠢᠭᠦᠳ ᠤᠨ ᠬᠠᠮᠢᠶᠠᠷᠤᠯᠲᠠ ᠶᠢᠨ ᠶᠠᠮᠤᠨ ᠤ ᠰᠠᠶᠢᠳ ᠵᠣ᠋ ᠰᠢᠦᠸᠠᠢ ᠮᠢᠩ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠡᠷᠲᠡ ᠴᠢᠯᠥᠭᠡᠯᠡᠭᠳᠡᠭᠰᠡᠨ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠨᠡᠶᠢᠭᠡᠮᠯᠢᠭ ᠤᠨ ᠳᠡᠳ᠋ ᠳᠠᠷᠤᠭ᠎ᠠ ᠸᠠᠩ ᡁᠢ ᠴᠢᠶᠠᠩ᠂ ᠬᠤᠲᠠ ᠶᠢᠨ ᠡᠷᠲᠡ ᠴᠢᠯᠥᠭᠡᠯᠡᠭᠳᠡᠭᠰᠡᠨ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠨᠡᠶᠢᠭᠡᠮᠯᠢᠭ ᠤᠨ ᠳᠠᠷᠤᠭ᠎ᠠ ᠸᠠᠩ ᠭᠦᠸᠧ ᠰᠢᠶᠠᠩ᠂ ᠬᠤᠰᠢᠭᠤᠨ ᠤ ᠡᠷᠲᠡ ᠴᠢᠯᠥᠭᠡᠯᠡᠭᠳᠡᠭᠰᠡᠨ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠨᠡᠶᠢᠭᠡᠮᠯᠢᠭ ᠤᠨ ᠳᠠᠷᠤᠭ᠎ᠠ ᠵᠠᠩ ᠭᠠᠢ ᠧ ᠨᠠᠷ ᠬᠤᠷᠠᠯ ᠳᠤ ᠣᠷᠣᠯᠴᠠᠵᠠᠢ᠃ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪᠰᠤᠷᠪᠤᠯᠵᠢᠯᠠᠭᠴᠢ᠄   ᠰᠤᠷᠤᠨ᠎ᠠ    ᠢᠦᠢ ᡁᠢ ᠹᠠᠩᠤᠷᠴᠢᠭᠤᠯᠤᠭᠴᠢ᠄ ᠲᠡᠷᠭᠡᠯᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ ᠳᠡᠪᠰᠢᠭᠦᠯᠦᠭᠴᠢ᠄ ᠲᠡᠷᠭᠡᠯ
 
ᠢᠷᠡᠯᠲᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000440号-2