ᠵᠠᠩᠭᠠᠨ ᠰᠤᠮᠤᠨ ᠤ ᠪᠠᠶᠢᠰᠢᠩᠲᠤ ᠭᠠᠴᠠᠭ᠎ᠠ ᠶᠢᠨ ᠬᠥᠳᠡᠭᠡ ᠲᠣᠰᠬᠤᠨ ᠢᠶᠠᠷ ᠨᠣᠮ ᠤᠩᠰᠢᠭᠤᠯᠵᠤ ᠪᠠᠶᠢᠬᠤ | ᠨᠢ ᠦᠨᠡᠬᠡᠷ ᠰᠠᠶᠢᠬᠠᠨ | | ᠪᠦᠬᠦ ᠠᠷᠠᠳ ᠢᠶᠠᠷ ᠢᠶᠠᠨ ᠨᠣᠮ ᠤᠩᠰᠢᠬᠤ ᠶᠢ ᠰᠠᠨᠠᠭᠠᠴᠢᠯᠠᠵᠤ᠂ ᠣᠯᠠᠨ ᠲᠦᠮᠡᠨ ᠤ ᠣᠶᠤᠨ ᠤ | ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠣᠶᠢᠷ᠎ᠠ ᠳᠤ᠂ ᠵᠠᠩᠭᠠᠨ ᠰᠤᠮᠤᠨ ᠤ ᠪᠠᠶ᠋ᠢᠢᠩᠭᠤᠲᠤ | ᠭᠠᠴᠠᠭ᠎ᠠ ᠶᠢᠨ ᠲᠠᠯ᠎ᠠ ᠨᠤᠲᠤᠭ ᠤᠨ ᠨᠣᠮ ᠤᠨ ᠥᠷᠥᠭᠡ ᠨᠢ ᠬᠠᠷᠢᠶᠠᠲᠤ ᠣᠷᠣᠨ ᠤ ᠣᠯᠠᠨ ᠲᠦᠮᠡᠨ ᠢ ᠵᠣᠬᠢᠶᠠᠨ | ᠪᠠᠶᠢᠭᠤᠯᠤᠨ ᠪᠦᠬᠦ ᠠᠷᠠᠳ ᠢᠶᠠᠷ ᠢᠶᠠᠨ ᠨᠣᠮ ᠤᠩᠰᠢᠬᠤ ᠠᠵᠢᠯᠯᠠᠭ᠎ᠠ ᠥᠷᠨᠢᠭᠦᠯᠪᠡ᠃ | | | | | | ᠠᠵᠢᠯᠯᠠᠭ᠎ᠠ ᠳᠤᠮᠳᠠ᠂ ᠨᠣᠮ ᠤᠨ ᠥᠷᠥᠭᠡ ᠶᠢᠨ ᠬᠠᠮᠢᠶᠠᠷᠤᠭᠴᠢ ᠣᠯᠠᠨ ᠳᠤ ᠡᠯ᠎ᠡ ᠵᠦᠢᠯ ᠤᠨ ᠰᠠᠶᠢᠨ ᠨᠣᠮ | ᠲᠠᠨᠢᠯᠴᠠᠭᠤᠯᠵᠤ᠂ ᠣᠯᠠᠨ ᠲᠦᠮᠡᠨ ᠢ ᠳᠠᠭᠠᠭᠤᠯᠤᠨ ᠬᠢᠨᠠᠮᠠᠭᠠᠢ ᠤᠩᠰᠢᠭᠤᠯᠵᠤ᠂ ᠣᠯᠠᠨ ᠲᠦᠮᠡᠨ ᠢ ᠬᠥᠲᠥᠯᠦᠨ | ᠵᠢᠯᠣᠭᠤᠳᠴᠤ ᠭᠠᠷ ᠤᠲᠠᠰᠤ ᠪᠠᠨ ᠪᠠᠭᠤᠯᠭᠠᠨ ᠦᠰᠦᠭ ᠪᠢᠴᠢᠭ ᠤᠨ ᠵᠢᠷᠲᠢᠨᠴᠦ ᠳᠤ ᠣᠷᠣᠭᠤᠯᠵᠤ᠂ ᠨᠣᠮ | ᠤᠩᠰᠢᠬᠤ ᠶᠢᠨ ᠠᠪᠴᠢᠷᠠᠭᠰᠠᠨ ᠪᠠᠶᠠᠷ ᠪᠠᠶᠠᠰᠤᠯ ᠢ ᠡᠳ᠋ᠯᠡᠭᠦᠯᠵᠦ᠂ 《 ᠨᠣᠮ ᠤᠩᠰᠢᠬᠤ ᠳᠤᠷᠠᠲᠠᠢ᠂ ᠨᠣᠮ | ᠤᠩᠰᠢᠬᠤ ᠳᠤᠷᠠᠲᠠᠢ᠂ ᠨᠣᠮ ᠤᠩᠰᠢᠬᠤ ᠳᠤᠷᠠᠲᠠᠢ 》 ᠰᠠᠶᠢᠨ ᠰᠠᠶᠢᠬᠠᠨ ᠳᠠᠳᠬᠠᠯ ᠢ ᠪᠤᠶᠢᠵᠢᠭᠤᠯᠬᠤ ᠬᠡᠷᠡᠭᠲᠡᠢ᠃ | ᠣᠯᠠᠨ ᠢᠶᠠᠷ ᠢᠶᠠᠨ ᠥᠪᠡᠷ ᠤᠨ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠵᠤ᠂ ᠰᠠᠶᠢᠨ ᠵᠣᠬᠢᠶᠠᠯ᠂ ᠤᠩᠰᠢᠭᠰᠠᠨ | ᠲᠥᠷᠥᠭᠳᠡᠯ᠂ ᠠᠮᠢᠳᠤᠷᠠᠬᠤᠢ ᠶᠢᠨ ᠬᠦᠰᠡᠯ ᠮᠥᠷᠥᠭᠡᠳᠦᠯ ᠵᠡᠷᠭᠡ ᠲᠠᠯ᠎ᠠ ᠪᠠᠷ ᠥᠪᠡᠷ ᠤᠨ ᠳᠤᠷ᠎ᠠ ᠪᠠᠬ᠎ᠠ ᠲᠠᠢ | ᠨᠣᠮ ᠢᠶᠠᠨ ᠬᠤᠪᠢᠶᠠᠯᠴᠠᠨ ᠡᠳ᠋ᠯᠡᠬᠦ ᠪᠣᠯᠤᠨ᠎ᠠ᠃ᠥᠪᠡᠷ ᠤᠨ ᠤᠳᠬ᠎ᠠ ᠠᠭᠤᠯᠭ᠎ᠠ ᠲᠠᠢ ᠪᠠᠳᠠᠭ ᠡᠳᠯᠡᠵᠦ᠂ ᠠᠳᠠᠯᠢ | ᠪᠤᠰᠤ ᠲᠠᠯ᠎ᠠ ᠠᠴᠠ ᠪᠣᠳᠣᠵᠤ᠂ ᠪᠣᠳᠣᠵᠤ᠂ ᠣᠶᠢᠯᠠᠭᠠᠵᠤ᠂ ᠣᠶᠢᠯᠠᠭᠠᠵᠤ ᠪᠣᠯᠤᠨ᠎ᠠ᠃ᠰᠡᠳᠦᠪ ᠨᠢ ᠥᠷᠭᠡᠨ ᠳᠡᠯᠭᠡᠷ | ᠂ ᠠᠭᠤᠯᠭ᠎ᠠ ᠨᠢ ᠪᠠᠶᠠᠯᠢᠭ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠨᠢ ᠲᠦᠢᠯ ᠤᠨ ᠬᠥᠷ ᠬᠥᠭᠵᠢᠶᠡᠨ ᠲᠠᠢ | ᠪᠠᠶᠢᠳᠠᠭ᠃ | | | | | | ᠠᠵᠢᠯᠯᠠᠭ᠎ᠠ ᠳᠠᠭᠤᠰᠬᠤ ᠦᠶ᠎ᠡ ᠳᠤ᠂ ᠣᠯᠠᠨ ᠢᠶᠠᠷ ᠢᠶᠠᠨ ᠰᠠᠨᠠᠭ᠎ᠠ ᠰᠡᠳᠬᠢᠯ ᠢᠶᠠᠨ ᠠᠭᠤᠵᠢᠷᠠᠲᠠᠯ᠎ᠠ | ᠶᠠᠷᠢᠯᠴᠠᠵᠤ᠂ ᠡᠶᠢᠮᠦᠷᠬᠦ ᠤᠳᠬ᠎ᠠ ᠠᠭᠤᠯᠭ᠎ᠠ ᠲᠠᠢ᠂ ᠬᠠᠯᠠᠭᠤᠨ ᠳᠤᠯᠠᠭᠠᠨ ᠨᠣᠮ ᠤᠩᠰᠢᠵᠤ ᠬᠤᠪᠢᠶᠠᠯᠴᠠᠨ ᠡᠳ᠋ᠯᠡᠬᠦ | ᠠᠵᠢᠯᠯᠠᠭ᠎ᠠ ᠶᠢ ᠳᠠᠬᠢᠨ ᠡᠷᠬᠢᠯᠡᠬᠦ ᠶᠢ ᠬᠦᠰᠡᠵᠦ ᠪᠠᠶᠢᠬᠤ ᠪᠠᠨ ᠢᠯᠡᠳᠬᠡᠪᠡ᠃ | | | | | | ᠲᠤᠰ ᠤᠳᠠᠭᠠᠨ ᠤ ᠤᠩᠰᠢᠯᠭ᠎ᠠ ᠶᠢᠨ ᠠᠵᠢᠯᠯᠠᠭ᠎ᠠ ᠨᠢ ᠣᠯᠠᠨ ᠲᠦᠮᠡᠨ ᠤ ᠤᠩᠰᠢᠯᠭ᠎ᠠ ᠶᠢᠨ ᠤᠷᠮ᠎ᠠ | ᠵᠣᠷᠢᠭ ᠢ ᠬᠥᠭᠵᠢᠭᠡᠵᠦ᠂ ᠪᠦᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠪᠦᠬᠦ | ᠠᠷᠠᠳ ᠢᠶᠠᠷ ᠢᠶᠠᠨ ᠨᠣᠮ ᠤᠩᠰᠢᠬᠤ᠂ ᠨᠠᠰᠤᠨ ᠲᠤᠷᠰᠢᠲᠠ ᠰᠤᠷᠤᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ | ᠪᠣᠢ ᠪᠣᠯᠭᠠᠵᠤ᠂ ᠰᠤᠷᠤᠯᠴᠠᠬᠤ ᠬᠡᠯᠪᠡᠷᠢ ᠶᠢᠨ ᠲᠣᠭᠠᠨ ᠤ ᠨᠡᠮᠡᠯᠲᠡ ᠬᠦᠴᠦᠨ ᠨᠢ ᠭᠠᠴᠠᠭ᠎ᠠ ᠶᠢᠨ ᠣᠶᠤᠨ ᠤ | ᠪᠣᠯᠪᠠᠰᠤᠨ ᠤ ᠪᠠᠶᠢᠭᠤᠯᠤᠯᠲᠠ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠦᠭᠰᠡᠨ ᠪᠠᠶᠢᠨ᠎ᠠ᠃ | ᠣᠯᠠᠨ ᠢᠶᠠᠷ ᠢᠶᠠᠨ ᠨᠣᠮ ᠪᠢᠴᠢᠭ ᠤᠩᠰᠢᠬᠤ ᠶᠠᠪᠤᠴᠠ ᠳᠤ ᠪᠡᠶ᠎ᠡ ᠪᠠᠨ ᠵᠠᠰᠠᠵᠤ᠂ ᠡᠷᠳᠡᠮ ᠴᠢᠳᠠᠪᠤᠷᠢ ᠪᠠᠨ | ᠨᠡᠮᠡᠭᠳᠡᠭᠦᠯᠦᠨ᠂ ᠨᠣᠮ ᠤᠩᠰᠢᠬᠤ ᠳᠤᠷᠠᠲᠠᠢ ᠰᠠᠶᠢᠨ ᠳᠠᠳᠬᠠᠯ ᠢ ᠬᠥᠮᠦᠵᠢᠭᠦᠯᠵᠦ᠂ ᠨᠣᠮ ᠪᠢᠴᠢᠭ ᠤᠩᠰᠢᠬᠤ | ᠳᠤᠷ᠎ᠠ ᠪᠠᠬ᠎ᠠ ᠶᠢ ᠬᠥᠭᠵᠢᠭᠡᠵᠦ᠂ ᠨᠣᠮ ᠪᠢᠴᠢᠭ ᠤᠩᠰᠢᠬᠤ ᠤᠷᠮ᠎ᠠ ᠵᠣᠷᠢᠭ ᠢ ᠬᠥᠭᠵᠢᠭᠡᠶ᠎ᠡ ᠭᠡᠵᠦ ᠪᠠᠶᠢᠯ᠎ᠠ᠃ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |