ᠢᠦᠢ ᠳ᠋ᠠᠢ ᠴᠢᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ | | 1 ᠳ᠋ᠦ᠋ᠭᠡᠷ ᠰᠠᠷ᠎ᠠ ᠶᠢᠨ 9 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠢᠦᠢ ᠳ᠋ᠠᠢ ᠴᠢᠩ᠂ ᠬᠤᠰᠢᠭᠤ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ | ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ | ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠣ ᠫᠢᠨ ᠤ ᠣᠶᠢᠷ᠎ᠠ ᠶᠢᠨ ᠬᠤᠭᠤᠴᠠᠭᠠᠨ ᠤ ᠶᠠᠷᠢᠶᠠᠨ ᠤ ᠵᠣᠷᠢᠭ | ᠰᠠᠨᠠᠭ᠎ᠠ ᠪᠣᠯᠤᠨ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠵᠢᠰᠦᠳᠦᠭᠡᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠰᠤᠷᠤᠯᠴᠠᠵᠤ᠂ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃ | | | | | | | | ᠢᠦᠢ ᠳ᠋ᠠᠢ ᠴᠢᠩ ᠬᠡᠯᠡᠬᠦ ᠳᠡᠭᠡᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠶᠠᠷᠢᠶ᠎ᠠ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ | ᠶᠡᠷᠦᠩᠬᠡᠢ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ᠂ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ | ᠣᠨᠣᠪᠴᠢᠲᠠᠢ ᠡᠵᠡᠮᠰᠢᠵᠦ᠂ ᠭᠤᠣᠯᠳᠠᠯᠭ᠎ᠠ ᠲᠠᠢ ᠡᠭᠦᠷᠭᠡ ᠶᠢ ᠱᠠᠯᠠᠪᠳᠠᠨ ᠪᠣᠳᠠᠲᠠᠢ ᠠᠳᠬᠤᠵᠤ᠂ ᠪᠥᠬᠦ ᠲᠠᠯ᠎ᠠ ᠶᠢᠨ | ᠴᠢᠨᠠᠷᠲᠠᠢ᠂ ᠠᠯᠤᠰ ᠬᠡᠳᠦ ᠶᠢᠨ ᠴᠢᠨᠠᠷᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠥᠷᠪᠡᠳ ᠬᠤᠰᠢᠭᠤᠨ ᠤ | ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠶᠢ ᠣᠨᠣᠪᠴᠢᠲᠠᠢ ᠡᠵᠡᠮᠰᠢᠵᠦ | ᠂ ᠭᠦᠨᠵᠡᠭᠡᠢ ᠣᠶᠢᠯᠠᠭᠠᠵᠤ᠂ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃ ᠰᠦᠨ ᠱᠣᠣ ᠴᠧᠩ ᠤ ᠱᠦᠵᠢ ᠶᠢᠨ | ᠶᠠᠷᠢᠶᠠᠨ ᠤ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ | ᠬᠤᠭᠤᠴᠠᠭᠠᠨ ᠤ ᠵᠢᠰᠦᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ 《 | ᠵᠢᠷᠭᠤᠭᠠᠨ ᠠᠵᠢᠯᠯᠠᠭ᠎ᠠ 》 ᠶᠢᠨ ᠱᠠᠭᠠᠷᠳᠠᠯᠭ᠎ᠠ ᠶᠢᠨ ᠲᠣᠭᠤᠷᠢᠨ ᠳᠤ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ | ᠶᠡᠬᠡᠪᠡᠷ ᠥᠷᠨᠢᠭᠦᠯᠵᠦ᠂ ᠪᠥᠬᠦ ᠲᠠᠯ᠎ᠠ ᠶᠢᠨ ᠳᠡᠮᠵᠢᠬᠦ ᠲᠣᠭᠲᠠᠯᠴᠠᠭ᠎ᠠ ᠶᠢ ᠪᠠᠶᠢᠭᠤᠯᠵᠤ᠂ ᠠᠵᠤ ᠠᠬᠤᠶᠢᠯᠠᠯ ᠤᠨ | ᠬᠥᠭᠵᠢᠯᠲᠡ ᠶᠢ ᠳᠡᠮᠵᠢᠵᠦ 《 ᠬᠤᠷᠳᠤᠳᠬᠠᠬᠤ ᠬᠤᠷᠳᠤᠴᠠ 》 ᠶᠢ ᠠᠬᠢᠭᠤᠯᠬᠤ ᠬᠡᠷᠡᠭᠲᠡᠢ᠃ ᠭᠡᠷ ᠡᠷᠦᠬᠡ ᠪᠠᠨ | ᠬᠠᠮᠢᠶᠠᠷᠬᠤ ᠳᠦᠷᠢᠮ ᠢ ᠳᠠᠭᠠᠭᠠᠴᠢᠯᠠᠬᠤ ᠦᠢᠯᠡᠴᠢᠯᠡᠭᠡᠨ ᠤ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠤ | ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠶᠢ ᠪᠥᠬᠦ ᠲᠠᠯ᠎ᠠ ᠪᠠᠷ ᠣᠶᠢᠯᠠᠭᠠᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ | ᠪᠣᠳᠠᠲᠠᠢ ᠬᠦᠴᠢᠷᠳᠡᠯ ᠢ ᠬᠦᠴᠦᠯᠡᠨ ᠰᠢᠢᠳᠪᠦᠷᠢᠯᠡᠵᠦ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃ ᠸᠧᠢ ᠳ᠋ᠠᠢ ᠴᠢᠩ ᠵᠢᠭᠠᠵᠤ | ᠭᠠᠷᠭᠠᠭᠰᠠᠨ ᠨᠢ᠂ ᠡᠯ᠎ᠡ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠲᠤᠰᠬᠠᠢ ᠰᠡᠳᠦᠪᠲᠦ ᠠᠷᠠᠳᠴᠢᠯᠠᠯ ᠤᠨ | ᠠᠮᠢᠳᠤᠷᠠᠯ ᠤᠨ ᠬᠤᠷᠠᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠲᠤᠰᠬᠠᠢ | ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠡᠯ᠎ᠡ ᠵᠦᠢᠯ ᠤᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠬᠢᠵᠦ᠂ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠢᠨᠠᠷ ᠰᠠᠶᠢᠲᠠᠢ ᠪᠣᠯᠵᠤ᠂ ᠰᠢᠨ᠎ᠡ | ᠪᠠᠶᠢᠳᠠᠯ ᠭᠠᠷᠬᠤ ᠶᠢ ᠪᠠᠲᠤᠯᠠᠬᠤ ᠬᠡᠷᠡᠭᠲᠡᠢ ᠭᠡᠵᠡᠢ᠃ᠣᠨᠣᠯ ᠤᠨ ᠰᠤᠷᠤᠯᠴᠠᠯᠭ᠎ᠠ᠂ ᠠᠵᠢᠯ ᠤᠨ ᠰᠤᠷᠲᠠᠯ᠂ ᠠᠷᠢᠭᠤᠨ | ᠴᠢᠬᠡᠴᠢ ᠪᠠᠷ ᠪᠡᠶ᠎ᠡ ᠪᠠᠨ ᠪᠠᠷᠢᠬᠤ ᠵᠡᠷᠭᠡ ᠲᠠᠯ᠎ᠠ ᠪᠠᠷ ᠬᠢ ᠳᠣᠪᠤᠶᠢᠮ᠎ᠠ ᠠᠰᠠᠭᠤᠳᠠᠯ ᠲᠠᠢ ᠬᠠᠷᠢᠴᠠᠭᠤᠯᠵᠤ᠂ ᠠᠰᠠᠭᠤᠳᠠᠯ ᠤᠨ | ᠵᠠᠩᠭᠢᠯᠠᠭ᠎ᠠ ᠶᠢ ᠪᠦᠬᠦ ᠲᠠᠯ᠎ᠠ ᠪᠠᠷ ᠡᠮᠬᠢᠯᠡᠨ᠂ ᠭᠦᠨ ᠠᠭᠤᠳᠠᠯᠵᠤ᠂ ᠦᠵᠡᠯ ᠰᠠᠨᠠᠭᠠᠨ ᠤ ᠦᠨᠳᠦᠰᠦ ᠰᠤᠷᠪᠤᠯᠵᠢ ᠶᠢ | ᠣᠨᠣᠪᠴᠢᠲᠠᠢ ᠣᠯᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠵᠣᠷᠢᠭᠲᠠᠢ ᠪᠠᠷ ᠥᠷᠨᠢᠭᠦᠯᠬᠦ ᠳᠡᠭᠡᠨ ᠴᠢᠳᠠᠮᠠᠭᠠᠢ | ᠪᠠᠶᠢᠬᠤ ᠬᠡᠷᠡᠭᠲᠡᠢ᠃ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦ᠋ᠩ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠠᠰᠠᠭᠤᠳᠠᠯ ᠢ ᠦᠨᠡᠨ ᠬᠣ ᠪᠠᠶᠢᠴᠠᠭᠠᠨ ᠦᠵᠡᠵᠦ᠂ ᠴᠡᠭᠴᠡᠯᠡᠨ ᠰᠠᠶᠢᠵᠢᠷᠠᠭᠤᠯᠬᠤ ᠶᠢ ᠬᠢᠨᠠᠮᠠᠭᠠᠢ ᠰᠠᠶᠢᠲᠤᠷ | ᠠᠳᠬᠤᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠳᠤᠲᠠᠭᠳᠠᠯ ᠢ ᠨᠥᠬᠦᠪᠥᠷᠢᠯᠡᠬᠦ᠂ ᠠᠵᠢᠯ ᠢ ᠲᠦᠯᠬᠢᠨ | ᠠᠬᠢᠭᠤᠯᠬᠤ ᠬᠦᠴᠦᠲᠡᠢ ᠭᠠᠷᠳᠠᠴᠠ ᠪᠣᠯᠭᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠬᠢᠷᠢ | ᠲᠦᠪᠰᠢᠨ ᠢᠶᠠᠨ ᠦᠨᠡᠨᠬᠦ ᠳᠡᠭᠡᠭᠰᠢᠯᠡᠭᠦᠯᠬᠦ ᠬᠡᠷᠡᠭᠲᠡᠢ᠃ | | | | | ᠬᠤᠷᠠᠯ ᠠᠴᠠ ᠪᠠᠰᠠ ᠪᠤᠰᠤᠳ ᠶᠠᠪᠤᠳᠠᠯ ᠢ ᠬᠢᠨᠠᠨ ᠵᠥᠪᠯᠡᠵᠦ ᠰᠤᠳᠤᠯᠵᠠᠢ᠃ᠬᠤᠰᠢᠭᠤ ᠨᠠᠮ ᠤᠨ ᠬᠤᠷᠢᠶᠠᠨ ᠤ | ᠡᠯ᠎ᠡ ᠪᠠᠶᠢᠩᠭᠤ ᠶᠢᠨ ᠭᠡᠰᠢᠭᠦᠨ ᠣᠷᠣᠯᠴᠠᠵᠤ᠂ ᠬᠡᠰᠡᠭ ᠬᠤᠰᠢᠭᠤ ᠬᠤᠰᠢᠭᠤ ᠤᠳᠤᠷᠢᠳᠤᠯᠭ᠎ᠠ ᠪᠣᠯᠤᠨ ᠰᠤᠮᠤ ᠰᠢᠶᠠᠩ | ᠪᠠᠯᠭᠠᠰᠤ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ | ᠣᠷᠣᠯᠴᠠᠪᠠ᠃ | ᠢᠷᠡᠯᠲᠡ᠄ ᠳᠦᠷᠪᠡᠦᠨ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠬᠢᠲᠠᠤᠨ ᠰᠦᠯᠵᠢᠶ᠎ᠡ | ᠤᠷᠴᠢᠭᠤᠯᠤᠭᠴᠢ᠄ ᠲᠡᠷᠭᠡᠯ | ᠬᠢᠨᠠᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ | |