ᠮᠠᠨ ᠤ ᠬᠤᠰᠢᠭᠤ ᠬᠤᠶᠠᠷ ᠮᠢᠩᠭ᠎ᠠ ᠬᠤᠷᠢᠨ ᠳᠦᠷᠪᠡᠨ ᠣᠨ ᠤ ᠦᠵᠡᠯ ᠤᠬᠠᠮᠰᠠᠷ ᠤᠨ ᠬᠡᠯᠪᠡᠷᠢ ᠶᠢᠨ | ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠢᠭᠰᠡᠨ | | ᠣᠶᠢᠷ᠎ᠠ ᠳᠤ᠂ ᠮᠠᠨ ᠤ ᠬᠤᠰᠢᠭᠤ 2024 ᠣᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ | ᠬᠠᠷᠢᠭᠤ ᠮᠡᠳᠡᠭᠦᠯᠦᠯᠲᠡ ᠶᠢᠨ ᠬᠤᠷᠠᠯ ᠬᠢᠵᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠤᠬᠠᠭᠤᠯᠬᠤ ᠬᠡᠯᠲᠡᠰ ᠤᠨ ᠳᠠᠷᠤᠭ᠎ᠠ ᠹᠠᠨ ᡁᠢ ᠯᠢᠶᠠᠩ ᠬᠤᠷᠠᠯ ᠳᠤ ᠤᠷᠤᠯᠴᠠᠭᠰᠠᠨ ᠪᠠᠶᠢᠨ᠎ᠠ ᠃ | ᠬᠤᠷᠠᠯ ᠠᠴᠠ᠂ ᠡᠯ᠎ᠡ ᠨᠠᠮ ᠤᠨ ᠬᠤᠷᠢᠶ᠎ᠠ ( ᠨᠠᠮ ᠤᠨ ᠤᠳᠤᠷᠢᠳᠬᠤ ᠳᠤᠭᠤᠶᠢᠯᠠᠩ ) ᠨᠢ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ | ᠪᠠᠷ ᠣᠶᠤᠨ ᠤᠬᠠᠭᠠᠨ ᠢᠶᠠᠨ ᠨᠢᠭᠲᠠᠷᠠᠭᠤᠯᠵᠤ᠂ ᠭᠤᠣᠯ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠲᠠᠰᠤᠷᠠᠯᠲᠠ | ᠦᠭᠡᠢ ᠪᠠᠬᠢᠵᠢᠭᠦᠯᠦᠨ ᠪᠤᠵᠠᠭᠠᠶᠢᠷᠠᠭᠤᠯᠵᠤ᠂ ᠪᠦᠬᠦ ᠬᠤᠰᠢᠭᠤ ᠪᠠᠷ ᠢᠶᠠᠨ ᠪᠦᠯᠬᠦᠮᠳᠡᠨ ᠤᠷᠤᠭᠰᠢᠯᠠᠬᠤ ᠭᠦᠨ | ᠵᠤᠵᠠᠭᠠᠨ ᠠᠭᠤᠷ ᠠᠮᠢᠰᠬᠤᠯ ᠢ ᠬᠦᠴᠦᠯᠡᠨ ᠪᠣᠢ ᠪᠤᠯᠭᠠᠵᠤ᠂ ᠰᠣᠶᠣᠯ ᠤᠨ ᠦᠢᠯᠡᠰ ᠪᠠ ᠰᠣᠶᠣᠯ ᠤᠨ ᠠᠵᠤ | ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠪᠦᠬᠦ ᠬᠤᠰᠢᠭᠤᠨ ᠤ ᠡᠯ᠎ᠡ | ᠦᠨᠳᠦᠰᠦᠲᠡᠨ ᠤ ᠣᠯᠠᠨ ᠲᠦᠮᠡᠨ ᠤ ᠣᠶᠤᠨ ᠤ ᠪᠠ ᠰᠣᠶᠣᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ᠂ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠴᠢᠬᠤᠯᠠ ᠪᠠᠬᠢᠯᠡᠯᠲᠡ ᠶᠢᠨ ᠭᠠᠵᠠᠷ ᠤᠨ ᠬᠠᠮᠢᠶᠠᠷᠤᠯᠲᠠ ᠡᠵᠡᠮᠰᠢᠯ | ᠲᠣᠬᠢᠷᠠᠭᠤᠯᠭ᠎ᠠ ᠪᠠ ᠵᠠᠰᠠᠯᠲᠠ ᠶᠢ ᠴᠢᠩᠭᠠᠳᠬᠠᠬᠤ ᠪᠠᠷ ᠳᠠᠮᠵᠢᠭᠤᠯᠤᠨ᠂ ᠰᠦᠯᠵᠢᠶᠡᠨ ᠳᠡᠭᠡᠷᠡᠬᠢ ᠶᠠᠷᠢᠶ᠎ᠠ | ᠬᠡᠯᠡᠯᠴᠡᠭᠡᠨ ᠤ ᠬᠥᠲᠥᠯᠦᠨ ᠵᠢᠯᠣᠭᠤᠳᠬᠤ ᠴᠢᠳᠠᠪᠤᠷᠢ ᠶᠢᠨ ᠪᠠᠶᠢᠭᠤᠯᠤᠯᠲᠠ ᠵᠡᠷᠭᠡ ᠠᠵᠢᠯ ᠢ ᠴᠢᠩᠭᠠᠳᠬᠠᠵᠤ᠂ | ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠶᠤᠯ ᠲᠦᠭᠰᠢᠭᠦᠷᠢ ᠶᠢ ᠪᠦᠲᠦᠮᠵᠢᠲᠡᠢ | ᠠᠷᠢᠯᠭᠠᠵᠤ᠂ ᠲᠡᠮᠡᠴᠡᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ | ᠬᠦᠷᠢᠶᠡᠨ ᠳᠠᠬᠢ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠬᠤ ᠬᠡᠷᠡᠭᠲᠡᠢ ᠭᠡᠰᠡᠨ | ᠪᠠᠶᠢᠨ᠎ᠠ᠃ | ᠪᠦᠬᠦ ᠬᠤᠰᠢᠭᠤᠨ ᠤ ᠡᠯ᠎ᠡ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭᠠᠲᠤ | ᠪᠦᠷᠢᠯᠳᠦᠬᠦᠨ ᠨᠢᠭᠡᠴᠡ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠨ ᠣᠷᠣᠯᠴᠠᠵᠠᠢ᠃ | ᠢᠷᠡᠯᠳᠡ᠄ ᠲᠥᠷᠪᠡᠳ ᠬᠤᠰᠢᠭᠤᠨ ᠤ ᠬᠠᠮ ᠵᠠᠭᠤᠴᠢᠯᠠᠭᠤᠷ ᠶᠢᠨ ᠲᠥᠪ | ᠰᠤᠷᠪᠤᠯᠵᠢᠯᠠᠭᠴᠢ᠄ ᠵᠣᠣ ᠶᠠ ᠹᠧᠩ ᠬᠦᠰᠡᠯᠡᠩ | ᠤᠷᠴᠢᠭᠤᠯᠤᠭᠴᠢ᠄ ᠲᠡᠷᠭᠡᠯ | ᠬᠢᠨᠠᠭᠰᠠᠨ ᠨᠠᠶᠢᠷᠠᠭᠤᠯᠤᠭᠴᠢ᠄ ᠦᠨᠢᠮᠠᠨᠳᠤᠬᠤ | ᠳᠡᠪᠰᠢᠭᠦᠯᠦᠭᠴᠢ᠄ ᠲᠡᠷᠭᠡᠯ |